2025 ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ | ︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ︾ ᠢᠶᠠᠷ ᠵᠢᠯᠣᠭᠤᠳᠤᠮᠵᠢ ᠪᠣᠯᠭᠠᠵᠤ᠂ ᠪᠠᠷᠢᠮᠵᠢᠶᠠᠵᠢᠭᠤᠯᠤᠭᠰᠠᠨ ︽ᠪᠥᠬᠦ ᠴᠣᠪᠤᠷᠠᠯ ᠢᠶᠠᠷ ᠨᠢ ᠣᠷᠣᠯᠠᠨ ᠭᠦᠢᠴᠡᠳᠭᠡᠬᠦ | ︾ ᠦᠢᠯᠡᠴᠢᠯᠡᠭᠡᠨ ᠤ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ᠂ ᠪᠥᠬᠦ ᠣᠷᠣᠨ ᠳᠤ ︽ᠪᠥᠬᠦ ᠴᠣᠪᠤᠷᠠᠯ ᠢᠶᠠᠷ ᠨᠢ ᠣᠷᠣᠯᠠᠨ ᠭᠦᠢᠴᠡᠳᠭᠡᠬᠦ︾ | ᠦᠢᠯᠡᠴᠢᠯᠡᠭᠡ ᠶᠢ ᠨᠡᠶᠢᠲᠡ 6 ᠲᠦᠮᠡ ᠭᠠᠷᠤᠢ ᠤᠳᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ᠭᠦᠢᠴᠡᠳᠬᠡᠭᠰᠡᠨ ᠬᠡᠮᠵᠢᠶ᠎ᠡ 15 | ᠲᠦᠮᠡᠨ ᠬᠤᠪᠢ ᠤᠳᠠᠭ᠎ᠠ ᠶᠢ ᠳᠠᠪᠠᠵᠤ᠂ ᠰᠢᠨ᠎ᠡ ᠪᠠᠷ ᠡᠷᠬᠢᠯᠡᠨ ᠨᠡᠬᠡᠭᠡᠬᠦ ᠠᠵᠤ ᠠᠬᠤᠶᠢᠯᠠᠯ ᠳᠤ ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠪᠠ ᠮᠠᠲ᠋ᠧᠷᠢᠶᠠᠯ ᠢ | 6000 ᠭᠠᠷᠤᠢ ᠬᠤᠪᠢ ᠬᠠᠩᠭᠠᠵᠤ᠂ ᠠᠵᠤ ᠠᠬᠤᠶᠢᠯᠠᠯ ᠳᠤ ᠠᠵᠢᠯ ᠶᠠᠪᠤᠳᠠᠯ ᠭᠦᠢᠴᠡᠳᠭᠡᠬᠦ ᠪᠠᠨ ᠲᠦᠷᠭᠡᠳᠬᠡᠵᠦ ᠦᠷ᠎ᠡ ᠠᠰᠢᠭ ᠨᠡᠮᠡᠭᠳᠡᠭᠦᠯᠬᠦ ᠳᠤ ᠨᠢ ᠬᠦᠴᠦᠨ | ᠨᠡᠮᠡᠷᠢᠯᠡᠪᠡ᠃ ᠨᠢᠭᠡ ᠳᠤ᠂ ᠲᠣᠭᠲᠠᠴᠠ ᠪᠠᠶᠢᠭᠤᠯᠤᠨ ᠲᠣᠭᠲᠠᠯᠴᠠᠭ᠎ᠠ ᠶᠢ ᠴᠢᠩᠭᠠᠳᠬᠠᠵᠤ᠂ ᠦᠢᠯᠡᠴᠢᠯᠡᠭᠡᠨ ᠤ ᠰᠠᠭᠤᠷᠢ ᠪᠠᠨ ᠪᠠᠲᠤᠳᠬᠠᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ ᠰᠠᠶᠢᠵᠢᠷᠠᠭᠤᠯᠬᠤ ᠠᠵᠢᠯᠯᠠᠭᠠᠨ ᠤ | ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ | ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠲᠤᠰᠬᠠᠶᠢᠵᠢᠭᠰᠠᠨ ᠣᠷᠣᠯᠠᠨ ᠭᠦᠢᠴᠡᠳᠬᠡᠬᠦ ᠡᠩᠨᠡᠭᠡ ᠶᠢ 135 ᠵᠣᠬᠢᠶᠠᠨ | ᠪᠠᠶᠢᠭᠤᠯᠵᠤ᠂ ᠣᠷᠣᠯᠠᠨ ᠭᠦᠢᠴᠡᠳᠬᠡᠬᠦ ᠲᠤᠰᠬᠠᠶ ᠠᠵᠢᠯᠲᠠᠨ ᠢ 2425 ᠳᠣᠭᠢᠷᠠᠭᠤᠯᠤᠨ᠂ ︽ᠬᠥᠨᠳᠡᠯᠡᠨ ᠴᠢᠭᠯᠡᠯ ᠢᠶᠠᠷ ᠬᠠᠮᠵᠢᠯᠴᠠᠵᠤ᠂ ᠭᠤᠯᠳᠤ ᠴᠢᠭᠯᠡᠯ ᠢᠶᠠᠷ | ᠨᠡᠪᠲᠡᠷᠡᠭᠦᠯᠬᠦ︾ ᠦᠢᠯᠡᠴᠢᠯᠡᠭᠡᠨ ᠤ ᠪᠠᠶᠢᠷᠢᠰᠢᠯ ᠢ ᠪᠣᠶ ᠪᠣᠯᠭᠠᠪᠠ᠃ ᠡᠭᠦᠨ ᠤ ᠳᠠᠭᠠᠤ ᠳᠤ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 124 | ᠲᠥᠪ ᠤᠨ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ ᠤᠨ ᠴᠢᠳᠠᠮᠵᠢ ᠶᠢ ᠥᠷᠭᠡᠳᠬᠡᠨ ᠳᠡᠰ ᠳᠡᠪᠰᠢᠭᠦᠯᠬᠦ ᠶᠢ ᠠᠬᠢᠭᠤᠯᠤᠭᠰᠠᠨ ᠤ ᠬᠠᠮᠲᠤ᠂ | ᠣᠷᠣᠯᠠᠨ ᠭᠦᠢᠴᠡᠳᠬᠡᠬᠦ ᠦᠢᠯᠡᠴᠢᠯᠡᠭᠡᠨ ᠤ ᠬᠠᠷᠠᠭᠠᠰᠤ ᠠᠴᠠ ᠭᠤᠣᠯᠳᠠᠯᠭ᠎ᠠ ᠪᠣᠯᠬᠤ ᠰᠢᠨ᠎ᠡ ᠲᠣᠭᠤᠷᠢᠭ ︵ᠬᠦᠷᠢᠶᠡᠯᠡᠩ ᠲᠣᠭᠤᠷᠢᠭ︶ ᠬᠦᠷᠲᠡᠯ᠎ᠡ ᠥᠷᠭᠡᠳᠬᠡᠪᠡ᠃ | ᠬᠤᠶᠠᠷ ᠲᠤ᠂ ᠬᠡᠪ ᠵᠠᠭᠪᠤᠷ ᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠡᠨ ᠤ ᠠᠬᠤᠢ ᠪᠠᠶᠢᠳᠠᠯ ᠤᠨ ᠳᠡᠰ ᠢ ᠳᠡᠪᠰᠢᠭᠦᠯᠪᠡ᠃ ︽ | ᠠᠮᠠᠯᠠᠯᠳᠠ ᠶᠢᠨ ᠲᠦᠷᠢᠮ + ᠪᠦᠬᠦ ᠴᠣᠪᠤᠷᠠᠯ ᠢᠶᠠᠷ ᠨᠢ ᠣᠷᠣᠯᠠᠨ ᠬᠦᠢᠴᠡᠳᠬᠡᠬᠦ︾ ᠦᠢᠯᠡᠴᠢᠯᠡᠭᠡᠨ ᠤ ᠬᠡᠪ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ 2854 | ᠵᠦᠢᠯᠡᠰ ᠲᠤ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠪᠡ᠂ 2025 ᠣᠨ ᠠᠴᠠ ᠨᠠᠭᠠᠰᠢ ᠳᠠᠭᠠᠯᠲᠠ ᠮᠠᠲ᠋ᠧᠷᠢᠶᠠᠯ ᠨᠢ ᠲᠤᠲᠠᠭᠤ ᠪᠠᠶᠢᠭᠰᠠᠨ ᠴᠤ ᠬᠦᠯᠢᠶᠡᠨ | ᠠᠪᠴᠤ ᠰᠢᠢᠳᠪᠦᠷᠢᠯᠡᠬᠦ ᠬᠡᠪ ᠵᠠᠭᠪᠤᠷ ᠢᠶᠠᠷ ᠠᠵᠤ ᠠᠬᠤᠶᠢᠯᠠᠯ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠢ 9739 ᠬᠤᠪᠢ ᠤᠳᠠᠭ᠎ᠠ ᠭᠦᠢᠴᠡᠳᠬᠡᠵᠦ᠂ ᠠᠵᠤ | ᠠᠬᠤᠶᠢᠯᠠᠯ ᠤᠨ ᠲᠦᠷᠢᠮ ᠤᠨ ᠴᠢᠨᠠᠷᠲᠠᠶ ᠠᠷᠠᠯᠵᠢᠶᠠᠨ ᠤ ᠥᠪᠡᠷ ᠤᠨ ᠥᠷᠲᠡᠭ ᠢ ᠨᠢ ᠦᠨᠡᠨ ᠬᠦ ᠪᠠᠭᠤᠷᠠᠭᠤᠯᠪᠠ᠃ ᠠᠵᠤ ᠠᠬᠤᠶᠢᠯᠠᠯ ᠳᠤ ᠲᠤᠰᠠᠯᠠᠬᠤ ᠪᠠᠷ | ᠰᠦᠢᠳᠬᠡᠯ ᠬᠤᠷᠢᠶᠠᠬᠤ ᠦᠭᠡᠢ ᠦᠢᠯᠡᠴᠢᠯᠡᠭᠡ ᠪᠠ ᠮᠠᠲ᠋ᠧᠷᠢᠶᠠᠯ ᠢ 6859 ᠬᠤᠪᠢ ᠬᠠᠩᠭᠠᠵᠤ᠂ ᠠᠯᠪᠠᠨ ᠲᠠᠮᠠᠭ᠎ᠠ ᠰᠡᠶᠢᠯᠦᠨ ᠦᠢᠯᠡᠳᠬᠦ᠂ ᠠᠵᠢᠯᠴᠢᠨ ᠡᠯᠰᠡᠨ | ᠬᠡᠷᠡᠭᠯᠡᠬᠦ᠂ ᠲᠦᠷᠦ ᠶᠢᠨ ᠪᠤᠳᠤᠯᠭ᠎ᠠ ᠶᠢᠨ ᠵᠦᠭᠯᠡᠭᠦᠷ ᠵᠡᠷᠭᠡ ᠣᠯᠠᠨᠲᠠ ᠬᠡᠷᠡᠭᠯᠡᠭᠳᠡᠵᠦ ᠱᠠᠭᠠᠷᠳᠠᠭᠳᠠᠬᠤ ᠵᠦᠢᠯᠡᠰ ᠢ ᠨᠡᠶᠢᠳᠬᠡᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠨᠡᠩ ᠤᠯᠠᠨ ᠦᠷᠳᠡᠭ ᠨᠡᠮᠡᠭᠳᠡᠯ ᠤᠨ ᠦᠢᠯᠡᠴᠢᠯᠡᠭᠡ ᠬᠠᠩᠭᠠᠪᠠ᠃ ᠭᠤᠷᠪᠠ ᠳᠤ᠂ ᠭᠤᠣᠯᠳᠠᠯᠭ᠎ᠠ ᠶᠢ ᠠᠳᠬᠤᠨ ᠪᠡᠷᠬᠡ ᠠᠰᠠᠭᠤᠳᠠᠯ ᠢ ᠰᠢᠢᠳᠪᠦᠷᠢᠯᠡᠵᠦ᠂ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠪᠠ᠃ ᠠᠵᠤ ᠠᠬᠤᠶᠢᠯᠠᠯ ᠤᠨ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ︽ᠠᠵᠤ ᠠᠬᠤᠶᠢᠯᠠᠯ ᠴᠢᠮᠡᠭᠡᠯᠡᠵᠦ᠂ ᠲᠤᠰᠬᠠᠢ ᠠᠵᠢᠯᠲᠠᠨ ᠮᠡᠳᠡᠭᠦᠯᠬᠦ︾ ᠪᠢᠲᠡᠭᠦᠦ ᠡᠷᠭᠢᠯᠳᠦᠭᠡ ᠲᠠᠢ ᠦᠢᠯᠡᠴᠢᠯᠡᠭᠡᠨ ᠤ ᠲᠣᠭᠲᠠᠴᠠ ᠶᠢ | ᠪᠦᠷᠢᠯᠳᠦᠭᠦᠯᠵᠦ᠂ ᠣᠷᠣᠨ ᠪᠦᠰᠡ ᠠᠯᠤᠰᠯᠠᠨ ᠭᠦᠢᠴᠡᠳᠬᠡᠬᠦ᠂ ᠥᠩᠭᠡᠷᠡᠭᠰᠡᠨ ᠤ ᠦᠯᠡᠳᠡᠭᠳᠡᠯ ᠵᠡᠷᠭᠡ ᠪᠤᠳᠤᠯᠢᠶᠠᠨᠲᠠᠢ ᠠᠰᠠᠭᠤᠳᠠᠯ ᠤᠳ ᠢ ᠪᠦᠲᠦᠮᠵᠢᠲᠡᠢ | ᠰᠢᠢᠳᠪᠦᠷᠢᠯᠡᠬᠦ ᠶᠢ ᠨᠢ ᠠᠬᠢᠭᠤᠯᠪᠠ᠃ ᠭᠤᠤᠯᠳᠠᠯᠭ᠎ᠠ ᠪᠣᠯᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ︽ | ᠬᠠᠮᠢᠶᠠᠷᠤᠭᠴᠢ ᠮᠠᠶ᠋ᠢᠭ︾ ᠤᠨ ᠮᠥᠷᠳᠡᠬᠦ ᠲᠣᠭᠲᠠᠴᠠ ᠶᠢ ᠪᠠᠶᠢᠭᠤᠯᠵᠤ᠂ ᠲᠤᠰᠬᠠᠶ ᠠᠵᠢᠯ ᠤᠨ ᠠᠩᠭᠢ ᠪᠥᠯᠬᠦᠮ ᠢ ᠵᠣᠯᠭᠠᠭᠤᠯᠬᠤ᠂ ᠪᠥᠬᠦ ᠴᠤᠪᠤᠷᠠᠯ ᠢᠶᠠᠷ ᠨᠢ | ᠣᠷᠣᠯᠠᠨ ᠭᠦᠢᠴᠡᠳᠭᠡᠬᠦ᠂ ᠴᠠᠭ ᠬᠢᠵᠠᠭᠠᠷᠯᠠᠨ ᠭᠦᠢᠴᠡᠳᠭᠡᠬᠦ ᠪᠠᠷ ᠳᠠᠮᠵᠢᠭᠤᠯᠤᠨ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ᠂ ᠲᠥᠷᠥᠯ ᠵᠦᠢᠯ ᠢᠶᠠᠨ ᠲᠦᠷᠭᠡᠨ | ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠨ᠎ᠠ᠃ | |