5 ᠳ᠋ᠤᠭᠠᠷ ᠰᠠᠷ᠎ᠠ ᠶᠢᠨ 22 ᠤᠨ ᠡᠳᠦᠷ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠦᠭᠰᠡᠨ ᠴᠠᠬᠢᠯᠭᠠᠨ ᠤ ᠦᠨ᠎ᠡ ᠶᠢ ᠵᠠᠬ᠎ᠠ ᠳᠡᠯᠭᠡᠭᠦᠷᠴᠢᠯᠡᠭᠰᠡᠨ ᠪᠠᠶᠢᠳᠠᠯ | ᠳᠣᠤᠷ᠎ᠠ ᠪᠥᠬᠦ ᠣᠷᠣᠨ ᠤ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠣᠷ ᠲᠤ ᠨᠡᠶᠢᠯᠡᠭᠦᠯᠦᠨ ᠪᠠᠭᠲᠠᠭᠠᠨ ᠰᠢᠩᠭᠡᠭᠡᠬᠦ ᠰᠢᠨ᠎ᠡ | ᠡᠨᠧᠷᠭᠢ ᠶᠢᠨ ᠴᠠᠬᠢᠯᠭᠠᠨ ᠭᠠᠷᠭᠠᠬᠤ ᠲᠥᠷᠥᠯ ᠵᠦᠢᠯ ᠤᠨ ᠥᠷᠢᠰᠥᠯᠳᠦᠭᠡᠨ ᠤ ᠴᠢᠨᠠᠷᠲᠠᠶ ᠳᠦᠬᠦᠷᠵᠢᠭᠦᠯᠬᠦ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠨᠣᠤᠷᠠᠭ | ︶︾ ︵ᠳᠣᠷᠣᠭᠰᠢ ︽ᠠᠷᠭ᠎ᠠ︾ ᠭᠡᠵᠦ ᠲᠣᠪᠴᠢᠯᠠᠪᠠ︶ ᠶᠢ ᠳᠠᠷᠤᠮᠠᠯᠯᠠᠨ ᠶᠠᠪᠤᠭᠤᠯᠵᠤ᠂ ᠢᠯᠡ ᠪᠠᠷ ᠰᠠᠨᠠᠯ ᠬᠤᠷᠢᠶᠠᠪᠠ᠃ | ᠲᠤᠰ ᠠᠷᠭ᠎ᠠ ᠨᠢ ᠤᠯᠤᠰ ᠤᠨ ᠰᠢᠨ᠎ᠡ ᠡᠨᠧᠷᠭᠢ ᠶᠢᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠪᠠ ᠲᠥᠷᠥᠯ ᠵᠦᠢᠯ ᠤᠨ ᠥᠷᠢᠰᠥᠯᠳᠦᠭᠡᠨ ᠤ ᠴᠢᠨᠠᠷᠲᠠᠶ | ᠳᠦᠬᠦᠷᠵᠢᠭᠦᠯᠬᠦ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠨ ᠤ ᠲᠥᠯᠥᠪᠵᠢᠭᠦᠯᠭᠡ᠂ ᠥᠮᠴᠢᠲᠡᠨ ᠤ ᠤᠷᠢᠳ ᠢᠶᠠᠷ | ᠰᠣᠩᠭᠤᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠪᠥᠲᠥᠭᠡᠨ ᠪᠠᠶᠢᠭᠤᠯᠬᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠤᠷᠢᠨ ᠳᠤ ᠠᠯᠢ ᠣᠯᠠᠨ | ᠪᠠᠶᠢᠷᠢᠯᠠᠭᠤᠯᠤᠯᠲᠠ ᠲᠣᠬᠢᠷᠠᠭᠤᠯᠤᠯᠲᠠ ᠬᠢᠵᠦ᠂ ᠲᠣᠣᠷ ᠪᠠ ᠴᠠᠬᠢᠯᠭᠠᠨ ᠡᠭᠦᠰᠬᠡᠭᠴᠢ ᠶᠢᠨ ᠬᠠᠮᠵᠢᠯᠴᠠᠭ᠎ᠠ ᠶᠢ ᠴᠢᠩᠭᠠᠷᠠᠭᠤᠯᠤᠨ᠂ ᠠᠶᠢᠮᠠᠭ ᠬᠤᠲᠠ ᠶᠢᠨ | ᠬᠠᠮᠲᠤᠷᠠᠯᠴᠠᠭ᠎ᠠ ᠶᠢ ᠳᠡᠮᠵᠢᠵᠦ᠂ ᠡᠯ᠎ᠡ ᠲᠥᠷᠥᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠱᠠᠭᠠᠷᠳᠠᠯᠭ᠎ᠠ ᠶᠣᠰᠣᠭᠠᠷ ᠪᠥᠲᠥᠭᠡᠨ ᠪᠠᠶᠢᠭᠤᠯᠤᠯᠲᠠ ᠳᠤ | ᠣᠷᠣᠯᠴᠠᠭᠤᠯᠵᠤ᠂ ᠠᠶᠢᠮᠠᠭ ᠬᠤᠲᠠ ᠶᠢᠨ ᠠᠵᠤ ᠦᠢᠯᠡᠰ ᠤᠨ ᠲᠥᠯᠥᠪᠵᠢᠭᠦᠯᠭᠡ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠨ᠎ᠠ᠃ ᠲᠥᠷᠥ ᠶᠢᠨ ᠪᠣᠳᠣᠯᠭ᠎ᠠ ᠶᠢ ᠤᠷᠢᠳ ᠢᠶᠠᠷ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠶᠢ ᠵᠢᠯ ᠪᠦᠷᠢ ᠬᠤᠶᠠᠷ ᠪᠦᠯᠦᠭ ᠤᠳᠠᠭ᠎ᠠ ᠬᠤᠪᠢᠶᠠᠨ ᠵᠣᠬᠢᠶᠠᠨ ᠪᠠᠶᠢᠭᠤᠯᠬᠤ ᠪᠠᠷ | ᠲᠦᠯᠦᠪᠵᠢᠭᠦᠯᠵᠦ᠂ ᠰᠢᠨ᠎ᠡ ᠡᠨᠧᠷᠭᠢ ᠶᠢᠨ ᠡᠬᠢ ᠪᠠᠶᠠᠯᠢᠭ ᠢ ᠳᠦᠬᠦᠷᠵᠢᠭᠦᠯᠬᠦ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠵᠦ᠂ ᠪᠥᠬᠦ ᠣᠷᠣᠨ ᠤ ᠰᠢᠨ᠎ᠡ | ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢ ᠳᠦᠯᠬᠢᠨ ᠠᠬᠢᠭᠤᠯᠤᠨ᠎ᠠ᠃ | | |