| 5 ᠰᠠᠷ᠎ᠠ ᠶᠢᠨ 27 ᠤ ᠡᠳᠦᠷ᠂ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ︽ᠲᠠᠯ᠎ᠠ ᠨᠤᠲᠤᠭ ᠤᠨ ᠮᠠᠯ ᠪᠡᠯᠴᠢᠭᠡᠷ ᠤᠨ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠲᠣᠭᠤᠷᠢᠨ ᠳᠤ | ᠲᠤᠰᠬᠠᠢ ᠰᠡᠳᠦᠪᠲᠦ ᠵᠠᠰᠠᠭ ᠤᠨ ᠶᠠᠪᠤᠳᠠᠯ ᠢ ᠵᠥᠪᠯᠡᠬᠦ ᠴᠢᠨᠠᠷᠲᠠᠢ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠠᠩ ᠱᠤᠸᠠᠩ ᠯᠢᠨ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠬᠤᠰᠢᠭᠤᠨ | ᠳᠠᠷᠤᠭ᠎ᠠ ᠴᠠᠩ ᠾᠧ ᠬᠤᠷᠠᠯ ᠳᠤ ᠣᠷᠣᠯᠴᠠᠵᠠᠢ᠃ | | | | ᠬᠤᠷᠠᠯ ᠠᠴᠠ ︽ ᠲᠠᠯ᠎ᠠ ᠨᠤᠳᠤᠭ ᠤᠨ ᠮᠠᠯ ᠪᠡᠯᠴᠢᠭᠡᠷ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ | ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠬᠤ︾ ᠲᠤᠬᠠᠢ ᠠᠵᠢᠯ ᠤᠨ ᠪᠠᠶᠢᠳᠠᠯ ᠢ ᠨᠡᠶᠢᠳᠡᠯᠡᠵᠦ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠠᠶᠢᠳᠠᠯ ᠵᠢᠴᠢ ᠰᠠᠨᠠᠯ ᠰᠠᠨᠠᠭᠤᠯᠭ᠎ᠠ ᠶᠢᠨ | ᠲᠤᠬᠠᠢ ᠲᠣᠳᠣᠷᠬᠠᠶᠢᠯᠠᠯᠲᠠ ᠬᠢᠵᠦ᠂ ᠬᠡᠰᠡᠭ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠬᠠᠮᠢᠶ᠎ᠠ ᠪᠦᠬᠦᠢ ᠲᠤᠰᠬᠠᠢ | ᠮᠡᠷᠭᠡᠵᠢᠯᠲᠡᠨ ᠠᠴᠠ ᠲᠣᠰ ᠲᠣᠰ ᠤᠨ ᠠᠵᠢᠯ ᠤᠨ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠪᠠᠨ ᠲᠤᠷᠠᠳᠤᠭᠰᠠᠨ ᠪᠠᠶᠢᠨ᠎ᠠ ᠃ | ᠬᠤᠷᠠᠯ ᠠᠴᠠ ᠴᠢᠬᠤᠯᠴᠢᠯᠠᠬᠤ ᠳᠠᠭᠠᠨ᠂ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠰᠠᠨᠠᠭᠠᠴᠢᠯᠠᠭ᠎ᠠ ᠠᠴᠠ ᠪᠠᠨᠰᠠᠶᠢᠲᠤᠷ ᠨᠠᠶᠢᠳᠠᠪᠤᠷᠢᠵᠢᠭᠤᠯᠵᠤ | ᠂ ᠰᠢᠰᠲ᠋ᠧᠮᠲᠦ ᠰᠡᠳᠬᠢᠬᠦᠢ ᠪᠠᠷ ᠦᠢᠯᠡᠳᠪᠦᠷᠢᠯᠡᠯ ᠠᠮᠢᠳᠤᠷᠠᠯ᠂ ᠠᠮᠢ ᠠᠬᠤᠢ ᠶᠢᠨ ᠬᠠᠮᠵᠢᠯᠴᠠᠨ ᠤᠷᠤᠭᠰᠢᠯᠠᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠤᠯᠠᠨ ᠡᠰᠢᠴᠢᠯᠡᠨ ᠬᠥᠭᠵᠢᠬᠦ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠤᠯᠤᠰ | ᠲᠥᠷᠥ ᠶᠢᠨ ᠵᠥᠪᠯᠡᠯᠭᠡᠨ ᠤ ᠳᠠᠪᠠᠭᠤᠯᠢᠭ ᠢ ᠪᠠᠳᠠᠷᠠᠭᠤᠯᠵᠤ᠂ ᠪᠥᠬᠦ ᠬᠤᠰᠢᠭᠤᠨ ᠤ ᠠᠮᠢ ᠠᠬᠤᠢ ᠶᠢᠨ ᠭᠤᠸ᠎ᠠ ᠰᠠᠶᠢᠬᠠᠨ᠂ ᠠᠵᠤ ᠦᠢᠯᠡᠰ ᠤᠨ ᠬᠥᠭᠵᠢᠯ ᠮᠠᠨᠳᠤᠯ ᠢ | ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠮᠠᠯᠴᠢᠳ ᠤᠨ ᠣᠶᠤᠨ ᠤᠬᠠᠭᠠᠨ ᠢ ᠪᠠᠶᠠᠯᠢᠭᠵᠢᠭᠤᠯᠤᠨ᠂ ᠬᠦᠴᠦᠨ ᠴᠢᠳᠠᠯ ᠢ ᠨᠢᠭᠲᠠᠷᠠᠭᠤᠯᠬᠤ ᠳᠤ ᠠᠷᠭ᠎ᠠ | ᠪᠤᠳᠤᠯᠭ᠎ᠠ ᠭᠠᠷᠭᠠᠵᠤ ᠦᠭᠭᠦ ᠪᠠᠷ ᠴᠢᠷᠮᠠᠶᠢᠬᠤ ᠭᠡᠷᠡᠭᠳᠡᠢ ᠭᠡᠵᠡᠢ᠃ | | | | | | | | | | | |