ᠰᠤᠷᠪᠤᠯᠵᠢᠯᠠᠭ᠎ᠠ᠄ ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠠᠵᠢᠯ ᠦᠢᠯᠡᠰ ᠤᠨ ᠪᠠᠲᠤᠯᠠᠭ᠎ᠠ ᠶᠢᠨ ᠲᠥᠪ ᠤᠨ ᠡᠷᠬᠢᠯᠡᠭᠴᠢ | ᠯᠢ ᠪᠢᠨ ᠄ ︵ᠠᠭᠤᠯᠭ᠎ᠠ᠄ ᠲᠤᠰ ᠲᠦᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1260 ᠲᠦᠮᠡᠨ ᠲᠥᠭᠦᠷᠢᠭ ᠲᠤ ᠬᠦᠷᠴᠦ᠂ 2600ᠮᠧᠲᠷ | ᠤᠰᠤ ᠲᠠᠲᠠᠷᠠᠭᠤᠯᠬᠤ ᠲᠤᠤᠷ ᠬᠤᠭᠤᠯᠠᠢ ᠢ ᠰᠢᠨ᠎ᠡ ᠪᠠᠷ ᠪᠠᠶᠢᠭᠤᠯᠵᠤ᠂ ᠬᠤᠶᠠᠷ ᠰᠠᠭᠤᠷᠢ ᠳᠡᠭᠡᠭᠰᠢᠯᠡᠭᠦᠯᠬᠦ ᠬᠥᠭᠡᠷᠭᠡ ᠶᠢᠨ ᠦᠷᠳᠡᠭᠡ ᠶᠢ ᠪᠠᠶᠢᠭᠤᠯᠪᠠ᠂ | ᠣᠳᠣᠬᠠᠨ ᠳᠤ ᠲᠤᠰ ᠲᠦᠷᠦᠯ ᠵᠦᠢᠯ ᠤᠨ 95% ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠡᠶᠡᠯᠡᠭᠦᠯᠵᠦ᠂ ᠵᠢᠱᠢᠯᠲᠡ ᠪᠠᠷ ᠡᠨᠡ ᠵᠢᠯ ᠤᠨ 6 ᠰᠠᠷ᠎ᠠ ᠶᠢᠨ | ᠳᠤᠮᠳᠠᠴᠢ ᠪᠠᠷ ᠪᠠᠷᠢᠯᠭ᠎ᠠ ᠳᠠᠭᠤᠰᠴᠤ ᠰᠢᠯᠭᠠᠨ ᠬᠤᠷᠢᠶᠠᠬᠤ ᠪᠣᠯᠣᠨ᠎ᠠ᠃ ︶ | ᠬᠤᠲᠠ ᠪᠠᠯᠭᠠᠰᠤᠨ ᠤ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠯᠲᠡ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠤᠨ᠎ᠠ᠃ ᠲᠤᠰ | ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠢᠳᠡᠪᠬᠢᠲᠡᠢ ᠪᠠᠷ ᠪᠡᠯᠡ ᠮᠥᠩᠭᠦ ᠲᠡᠮᠡᠴᠡᠨ ᠣᠯᠵᠤ᠂ ᠥᠭᠡᠷᠡᠴᠢᠯᠡᠯᠲᠡ ᠳᠤ ᠬᠤᠯᠪᠣᠭᠳᠠᠭᠰᠠᠨ ᠣᠷᠣᠨ ᠪᠦᠰᠡ ᠶᠢᠨ ᠵᠠᠮ ᠤᠨ ᠭᠡᠷᠡᠯᠲᠦᠭᠦᠯᠭᠡ᠂ ᠵᠠᠮ ᠬᠠᠷᠢᠯᠴᠠᠭᠠᠨ ᠤ | ᠲᠥᠬᠦᠭᠡᠷᠦᠮᠵᠢ᠂ ᠶᠠᠪᠠᠭᠠᠨ ᠵᠡᠭᠡᠯᠢ᠂ ᠨᠣᠭᠤᠭᠠᠷᠠᠭᠤᠯᠤᠯᠲᠠ ᠵᠡᠷᠭᠡ ᠶᠢ ᠪᠥᠬᠦ ᠲᠠᠯ᠎ᠠ ᠪᠠᠷ ᠥᠭᠡᠷᠡᠴᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ |