ᠰᠤᠷᠪᠤᠯᠵᠢᠯᠠᠭ᠎ᠠ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠬᠠᠨ | ᠪᠢᠩ ︵ᠠᠭᠤᠯᠭ᠎ᠠ᠄ ᠤᠳᠤ ᠪᠣᠯᠲᠠᠯ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠠᠷᠤᠭ | 40 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠷᠦᠮᠵᠢ ᠶᠢᠨ ᠲᠠᠩᠰᠠ ᠡᠪᠬᠡᠮᠡᠯ ᠢ ᠲᠠᠰ ᠳᠡᠪᠰᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠪᠤᠷᠤᠭᠠᠨ ᠤ ᠤᠰᠤ ᠵᠠᠯᠠᠬᠤ ᠲᠣᠣᠷ ᠬᠤᠭᠤᠯᠠᠢ ᠢ 50 ᠭᠠᠷᠤᠢ ᠮᠧᠲᠷ ᠵᠠᠰᠠᠵᠤ᠂ 2 ᠪᠠᠶᠢᠴᠠᠭᠠᠬᠤ ᠬᠤᠳᠳᠤᠭ ᠢ ᠬᠠᠯᠠᠨ ᠵᠠᠰᠠᠵᠤ᠂ | ᠬᠤᠲᠠ ᠶᠢᠨ ᠶᠠᠪᠤᠳᠠᠯ ᠤᠨ ᠵᠠᠮ ᠵᠡᠭᠡᠯᠢ ᠢ 70 ᠭᠠᠷᠤᠢ ᠵᠠᠰᠠᠨ ᠰᠡᠯᠪᠢᠵᠦ᠂ 10 ᠰᠠᠭᠤᠷᠢ ᠵᠠᠮ ᠤᠨ ᠳ᠋ᠧᠩ ᠢ ᠰᠢᠨ᠎ᠡ ᠪᠠᠷ ᠤᠭᠰᠠᠷᠠᠨ᠂ 180 ᠭᠠᠷᠤᠢ ᠵᠠᠮ ᠤᠨ | ᠳ᠋ᠧᠩ ᠢ ᠰᠡᠯᠪᠢᠨ ᠵᠠᠰᠠᠵᠤ᠂ 300 ᠭᠠᠷᠤᠢ ᠮᠧᠲᠷ ᠤᠨ ᠴᠠᠬᠢᠯᠭᠠᠨ ᠲᠠᠲᠠᠯᠭ᠎ᠠ ᠶᠢ ᠰᠣᠯᠢᠵᠤ᠂ 200 ᠭᠠᠷᠤᠢ ᠵᠠᠮ ᠤᠨ ᠳ᠋ᠧᠩ ᠤᠨ ᠣᠶᠤᠨᠲᠤ ᠡᠵᠡᠮᠰᠢᠭᠦᠷ ᠢ ᠨᠡᠮᠡᠵᠦ | ᠤᠭᠰᠠᠷᠠᠪᠠ᠃ ᠨᠡᠶᠢᠲᠡ 32.26 ᠲᠦᠮᠡᠨ ᠲᠣᠨ ᠪᠣᠬᠢᠷ ᠤᠰᠤ ᠶᠢ ᠰᠢᠢᠳᠪᠦᠷᠢᠯᠡᠵᠦ᠂ ᠤᠰᠤ ᠭᠠᠷᠭᠠᠬᠤ ᠭᠦᠢᠴᠡᠳᠬᠡᠯ ᠲᠤᠭ᠎ᠠ ᠨᠢ ᠴᠥᠮ ᠤᠯᠤᠰ ᠤᠨ ᠬᠤᠲᠠ | ᠪᠠᠯᠭᠠᠰᠤᠨ ᠤ ᠪᠣᠬᠢᠷ ᠤᠰᠤ ᠭᠠᠳᠠᠭᠰᠢᠯᠠᠭᠤᠯᠬᠤ ᠨᠢᠭᠡᠳᠦᠭᠡᠷ ᠳᠡᠰ ᠤᠨ A ᠪᠠᠷᠢᠮᠵᠢᠶ᠎ᠠ ᠳᠤ ᠬᠦᠷᠴᠦ᠂ ᠪᠠᠷᠢᠮᠵᠢᠶ᠎ᠠ ᠳᠤ ᠬᠦᠷᠦᠭᠰᠡᠨ ᠭᠠᠳᠠᠭᠰᠢᠯᠠᠭᠤᠯᠬᠤ ᠨᠣᠷᠮ᠎ᠠ ᠨᠢ | 100% ᠳᠤ ᠬᠥᠷᠪᠡ᠃ ︶ | |