ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠱᠠᠨᠳᠦ᠋ᠩ ᠤᠨ ᠶᠸᠦ ᠳ᠋ᠤᠤ ᠬᠢᠮᠢ ᠶᠢᠨ ᠬᠢᠵᠠᠭᠠᠷᠲᠤ ᠺᠣᠮᠫᠠᠨᠢ ᠶᠢᠨ ᠳᠡᠯᠪᠡᠷᠡᠯᠲᠡ ᠶᠢᠨ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠯᠭᠡᠵᠦ ᠪᠣᠢ
ᠨᠡᠶᠢᠲᠡᠯᠡᠭᠰᠡᠨ ᠴᠠᠭ᠄
2025/5/30
    5 ᠳ᠋ᠤᠭᠠᠷ ᠰᠠᠷ᠎ᠠ ᠶᠢᠨ 27 ᠤ ᠡᠳᠦᠷ᠂ ᠱᠠᠨᠳᠦ᠋ᠩ ᠮᠣᠵᠢ ᠶᠢᠨ ᠸᠧᠢ ᠹᠠᠩ ᠬᠤᠲᠠ ᠶᠢᠨ ᠭᠤᠣ ᠮᠢ ᠬᠤᠲᠠ ᠳᠠᠬᠢ ᠶᠧᠦ ᠳ᠋ᠣᠣ ᠬᠢᠮᠢ ᠶᠢᠨ ᠬᠢᠵᠠᠭᠠᠷᠲᠤ ᠺᠣᠮᠫᠠᠨᠢ ᠳᠤ ᠳᠡᠯᠪᠡᠷᠡᠯᠲᠡ ᠶᠢᠨ ᠠᠳᠡᠯ ᠡᠭᠦᠰᠴᠦ᠂ ᠣᠳᠣᠬᠠᠨ ᠪᠣᠯᠲᠠᠯ᠎ᠠ 5 ᠬᠥᠮᠦᠨ ᠠᠳᠡᠵᠦ᠂ 6 ᠬᠥᠮᠦᠨ ᠯᠦᠭᠡ ᠬᠤᠯᠪᠣᠭ᠎ᠠ ᠠᠪᠴᠤ ᠳᠡᠶᠢᠯᠬᠦ ᠦᠭᠡᠢ ᠪᠠᠶᠢᠨ᠎ᠠ᠃ ︽ᠬᠦᠨᠳᠦ ᠶᠡᠭᠡ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠭᠡᠯᠭᠡᠬᠦ ᠠᠷᠭ᠎ᠠ︾ ᠶᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠲᠤᠰ ᠤᠳᠠᠭᠠᠨ ᠤ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠳᠤ ᠫᠠᠶᠢᠰᠠ ᠡᠯᠭᠦᠨ ᠰᠢᠮᠳᠠᠭᠤᠯᠤᠨ ᠭᠦᠢᠴᠡᠳᠬᠡᠯᠭᠡᠬᠦ ᠪᠠᠷ ᠲᠣᠭᠲᠠᠪᠠ᠂ ︽ᠠᠶᠤᠯ ᠦᠭᠡᠢ ᠦᠢᠯᠡᠳᠪᠦᠷᠢᠯᠡᠯ ᠤᠨ ᠠᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠲᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠷᠢᠮ ᠲᠣᠭᠲᠠᠭᠠᠯ ᠶᠣᠰᠣᠭᠠᠷ᠂ ᠠᠳᠡᠯ ᠤᠨ ᠪᠠᠶᠢᠴᠠᠭᠠᠯᠲᠠ ᠥᠷᠨᠢᠭᠦᠯᠬᠦ ᠶᠢ ᠰᠢᠮᠳᠠᠭᠤᠯᠤᠨ ᠵᠣᠬᠢᠶᠠᠨ ᠪᠠᠶᠢᠭᠤᠯᠵᠤ᠂ ᠠᠳᠡᠯ ᠤᠨ ᠰᠢᠯᠲᠠᠭᠠᠨ ᠢ ᠦᠳᠲᠡᠷ ᠲᠦᠷᠭᠡᠨ ᠪᠠᠶᠢᠴᠠᠭᠠᠨ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃ 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ