| | 4 ᠰᠠᠷ᠎ᠠ ᠶᠢᠨ 24 ᠤ ᠡᠳᠦᠷ᠂ ᠥᠪᠥᠷ ᠮᠣᠩᠭᠤᠯ ᠤᠨ ᠫᠢᠩ ᠵᠤᠸᠠᠩ ᠨᠡᠭᠦᠷᠡᠰᠦᠨ ᠤ ᠦᠢᠯᠡᠰ ︵ᠪᠦᠯᠦᠭᠯᠡᠯ︶ ᠤᠨ ᠬᠢᠵᠠᠭᠠᠷᠲᠤ ᠺᠤᠮᠫᠠᠨᠢ ᠶᠢᠨ ᠶᠤᠸᠠᠨ ᠪᠦᠦ | ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠭᠤᠮ ᠪᠦᠰᠡᠲᠦ ᠮᠠᠰᠢᠨ ᠲᠠᠰᠤᠷᠠᠯᠳᠠ ᠦᠭᠡᠢ ᠨᠡᠭᠦᠷᠡᠰᠦ ᠵᠥᠭᠡᠭᠡᠪᠦᠷᠢᠯᠡᠵᠦ᠂ ᠴᠠᠭᠢᠯᠭᠠᠨ ᠮᠠᠰᠢᠨ ᠤ ᠳᠠᠭᠤᠨ ᠴᠢᠬᠢ | ᠳᠣᠷᠭᠢᠭᠤᠯᠵᠤ ᠬᠤᠯᠠ ᠠᠴᠠ ᠬᠦᠩᠭᠢᠨᠡᠨ ᠰᠣᠨᠣᠰᠳᠠᠵᠤ ᠪᠠᠶᠢᠯ᠎ᠠ᠃ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ | ᠵᠠᠰᠠᠬᠤ ᠠᠩᠭᠢ ᠶᠢᠨ ᠳᠠᠷᠤᠭ᠎ᠠ ᠢᠦᠢ ᠴᠠᠩ ᠵᠧᠩ ᠬᠠᠯᠢᠪ ᠢᠶᠠᠨ ᠭᠤᠮ ᠪᠦᠰᠡᠲᠦ ᠮᠠᠰᠢᠨ ᠲᠠᠢ ᠨᠠᠭᠠᠯᠳᠤᠭᠤᠯᠵᠤ᠂ ᠴᠢᠬᠢ ᠪᠠᠨ ᠣᠶᠢᠷᠠᠲᠤᠭᠤᠯᠤᠨ ᠮᠠᠰᠢᠨ | ᠮᠧᠬᠠᠨᠢᠭ ᠤᠨ ᠲᠠᠭᠤ ᠶᠢ ᠴᠢᠩᠨᠠᠨ᠎ᠠ᠃ ︽ᠭᠤᠮ ᠪᠦᠰᠡᠲᠦ ᠮᠠᠰᠢᠨ ᠤ ᠬᠦᠩᠭᠢᠨᠡᠬᠦ ᠳᠠᠭᠤᠨ ᠮᠠᠰᠢᠨ ᠬᠡᠪ ᠤᠨ ᠪᠠᠶᠢᠨ᠎ᠠ︾ ᠭᠡᠵᠦ ᠲᠡᠷᠡ ᠬᠡᠯᠡᠬᠦ ᠶᠢᠨ ᠳᠠᠭᠠᠤ | ᠲᠡᠮᠳᠡᠭᠯᠡᠨ᠎ᠡ᠃ ᠡᠨᠡ ᠪᠣᠯ ᠳᠠᠷᠤᠢ ᠢᠦᠢ ᠴᠠᠩ ᠵᠧᠩ ᠤᠨ ᠡᠳᠦᠷ ᠲᠤᠲᠤᠮ ᠤᠨ ᠠᠵᠢᠯ ᠪᠣᠯᠣᠨ᠎ᠠ᠃ 1993 ᠣᠨ ᠳᠤ ᠮᠡᠷᠭᠡᠵᠢᠯ ᠤᠨ ᠰᠤᠷᠭᠠᠭᠤᠯᠢ ᠠᠴᠠ | ᠲᠡᠭᠦᠰᠦᠭᠰᠡᠨ ᠢᠦᠢ ᠴᠠᠩ ᠵᠧᠩ ᠶᠤᠸᠠᠨ ᠪᠦᠦ ᠱᠠᠨ ᠵᠠᠳᠠᠭᠠᠢ ᠨᠡᠭᠦᠷᠡᠰᠦᠨ ᠠᠭᠤᠷᠬᠠᠢ ᠳᠤ ᠬᠤᠪᠢᠶᠠᠭᠳᠠᠨ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ | ᠠᠵᠢᠯ ᠬᠢᠪᠡ᠃ ᠲᠤᠬᠠᠢ ᠶᠢᠨ ᠦᠶ᠎ᠡ ᠳᠤ ᠲᠣᠰ ᠠᠭᠤᠷᠬᠠᠢ ᠪᠦᠭᠦ ᠤᠯᠤᠰ ᠤᠨ ᠬᠠᠮᠤᠭ ᠤᠨ ᠶᠡᠭᠡ ᠦᠷᠭᠦᠯᠵᠢᠯᠡᠭᠰᠡᠨ ᠮᠠᠯᠲᠠᠵᠤ ᠭᠠᠳᠠᠭᠰᠢᠯᠠᠭᠤᠯᠬᠤ ᠰᠢᠰᠲ᠋ᠧᠮ ᠲᠠᠢ | ᠪᠠᠶᠢᠵᠤ᠂ ᠲᠡᠭᠦᠨ ᠤ ᠭᠤᠣᠯ ᠲᠤᠨᠤᠭ ᠲᠥᠬᠦᠭᠡᠷᠦᠮᠵᠢ ᠪᠤᠯᠬᠤ ᠬᠦᠷᠳᠦᠲᠦ ᠤᠬᠤᠭᠤᠷ ᠮᠠᠰᠢᠨ ᠨᠢ ᠲᠤᠬᠠᠢ ᠶᠢᠨ ᠦᠶ᠎ᠡ ᠳᠤ ᠠᠭᠤᠷᠬᠠᠢ ᠶᠢᠨ ᠬᠡᠪ ᠤᠨ | ᠠᠵᠢᠯᠯᠠᠭ᠎ᠠ ᠶᠢ ᠪᠠᠲᠤᠯᠠᠬᠤ ᠵᠠᠩᠭᠢᠯᠠᠭ᠎ᠠ ᠶᠢᠨ ᠲᠥᠬᠦᠭᠡᠷᠦᠮᠵᠢ ᠪᠣᠯᠵᠤ ᠪᠠᠶᠢᠪᠠ᠃ ᠲᠤᠬᠠᠢ ᠶᠢᠨ ᠦᠶ᠎ᠡ ᠳᠤ 30 ᠭᠠᠷᠤᠢ ᠮᠧᠳ᠋ᠷ ᠥᠨᠳᠥᠷ ᠪᠦᠬᠦᠢ ᠬᠦᠷᠳᠦᠲᠦ | ᠤᠬᠤᠭᠤᠷ ᠮᠠᠰᠢᠨ ᠢ ᠠᠵᠢᠯᠴᠢᠨ ᠤ ᠭᠠᠷ ᠢᠶᠠᠷ ᠢᠶᠠᠨ ᠡᠷᠭᠢᠭᠦᠯᠵᠦ ᠵᠢᠯᠣᠭᠤᠳᠤᠨ ᠨᠡᠭᠦᠷᠡᠰᠦ ᠶᠢ ᠠᠷᠪᠠᠨ ᠬᠡᠳᠦᠨ ᠭᠠᠵᠠᠷ ᠦᠷᠭᠦᠯᠵᠢᠯᠡᠭᠰᠡᠨ ᠭᠤᠮ ᠪᠦᠰᠡᠨ ᠳᠡᠭᠡᠷ᠎ᠡ | ᠲᠠᠰᠤᠷᠠᠯᠲᠠ ᠦᠭᠡᠢ ᠵᠥᠭᠡᠭᠡᠪᠦᠷᠢᠯᠡᠨ ᠬᠦᠷᠭᠡᠵᠦ ᠪᠠᠶᠢᠬᠤ ᠶᠢ ᠦᠵᠡᠭᠡᠳ᠂ ᠢᠦᠢ ᠴᠠᠩ ᠵᠧᠩ ᠶᠡᠬᠡᠳᠡ ᠭᠠᠶᠢᠬᠠᠪᠠ᠂ ᠲᠡᠷᠡ᠄ ︽ᠪᠢ ᠲᠤᠬᠠᠢ ᠶᠢᠨ ᠦᠶ᠎ᠡ ᠳᠤ ᠡᠨᠡ | ᠬᠦ ᠮᠠᠰᠢᠨ ᠢ ᠵᠠᠪᠠᠯ ᠰᠠᠶᠢᠲᠤᠷ ᠣᠶᠢᠯᠠᠭᠠᠬᠤ ᠪᠠᠷ ᠰᠡᠮᠡᠭᠡᠷ ᠵᠣᠷᠢᠭ ᠰᠢᠭᠤᠳᠤᠭᠰᠠᠨ︾ ᠭᠡᠪᠡ᠃ ᠲᠠᠶᠢᠮᠦ ᠰᠠᠶᠢᠨ ᠰᠤᠷᠭᠠᠭᠤᠯᠢ ᠳᠤ ᠰᠤᠷᠤᠯᠴᠠᠵᠤ ᠥᠩᠭᠡᠷᠡᠭᠰᠡᠨ | ᠦᠭᠡᠢ ᠭᠡᠵᠦ ᠪᠤᠳᠤᠳᠠᠭ ᠢᠦᠢ ᠴᠠᠩ ᠵᠧᠩ ︽ᠰᠢᠷᠭᠤᠯᠵᠢ ᠶᠠᠰᠤ ᠬᠡᠮᠡᠯᠢᠬᠦ︾ ᠮᠠᠶ᠋ᠢᠭ ᠤᠨ ᠦᠰᠦᠨ ᠪᠤᠶᠢᠵᠢᠬᠤ ᠶᠠᠪᠤᠴᠠ ᠪᠠᠨ ᠡᠬᠢᠯᠡᠭᠦᠯᠵᠦ᠂ ᠲᠣᠨᠤᠭ | ᠲᠥᠬᠦᠭᠡᠷᠦᠮᠵᠢ ᠶᠢᠨ ᠤᠭ ᠶᠣᠰᠣ ᠶᠢ ᠨᠠᠷᠢᠨ ᠬᠢᠨᠠᠮᠠᠭᠠᠢ ᠰᠤᠳᠤᠯᠵᠤ᠂ ᠴᠠᠭᠢᠯᠭᠠᠨ ᠬᠡᠯᠬᠢᠶ᠎ᠡ ᠶᠢᠨ ᠵᠢᠷᠤᠭ ᠵᠢᠷᠤᠵᠤ᠂ ᠲᠤᠰᠬᠠᠢ ᠮᠡᠷᠭᠡᠵᠢᠯ ᠤᠨ ᠨᠣᠮ ᠪᠢᠴᠢᠭ ᠢ | ᠰᠤᠳᠤᠯᠤᠨ ᠤᠩᠰᠢᠵᠤ᠂ ᠠᠯᠬᠤᠮ ᠠᠯᠬᠤᠮ ᠢᠶᠠᠷ ᠴᠠᠭᠢᠯᠭᠠᠨ ᠲᠤᠨᠤᠭ ᠲᠥᠬᠦᠭᠡᠷᠦᠮᠵᠢ ᠰᠡᠯᠪᠢᠨ ᠵᠠᠰᠠᠬᠤ ᠭᠤᠣᠯᠯᠠᠭᠴᠢ ᠬᠦᠴᠦᠨ ᠪᠣᠯᠤᠭᠰᠠᠨ ᠪᠠᠶᠢᠨ᠎ᠠ᠃ 2008 | ᠣᠨ ᠠᠴᠠ ᠡᠬᠢᠯᠡᠨ ᠢᠦᠢ ᠴᠠᠩ ᠵᠧᠩ ᠲᠢᠶᠠᠨᠵᠢᠨ ᠤ ᠴᠠᠭᠢᠯᠭᠠᠨ ᠳᠠᠮᠵᠢᠭᠤᠯᠭ᠎ᠠ ᠶᠢᠨ ᠰᠤᠳᠤᠯᠭᠠᠨ ᠤ ᠬᠦᠷᠢᠶᠡᠯᠡᠩ᠂ ᠲᠢᠶᠠᠨᠵᠢᠨ ᠤ ᠴᠠᠭᠢᠯᠭᠠᠨ ᠤ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠬᠢᠵᠠᠭᠠᠷᠲᠤ ᠺᠤᠮᠫᠠᠨᠢ ᠵᠡᠷᠭᠡ ᠨᠢᠭᠡᠴᠢ ᠲᠠᠢ ᠣᠯᠠᠨ ᠤᠳᠠᠭ᠎ᠠ ᠬᠠᠮᠲᠤᠷᠠᠯᠴᠠᠨ᠂ 31 ᠭᠤᠮ ᠪᠦᠰᠡᠲᠦ ᠮᠠᠰᠢᠨ ᠤ | ᠴᠠᠭᠢᠯᠭᠠᠨ ᠲᠣᠬᠢᠷᠠᠭᠤᠯᠬᠤ ᠥᠷᠲᠡᠭᠡ᠂ 3 ᠬᠡᠮᠬᠡᠯᠬᠦ ᠥᠷᠲᠡᠭᠡ ᠶᠢᠨ ᠡᠵᠡᠮᠰᠢᠯ ᠤᠨ ᠰᠢᠰᠲ᠋ᠧᠮ ᠢ ᠲᠠᠰ ᠳᠡᠪᠰᠢᠭᠦᠯᠦᠨ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ᠂ | ᠪᠠᠰᠠ 1 ᠳ᠋ᠦ᠋ᠭᠡᠷ ᠨᠣᠮᠧᠷᠲᠤ ᠬᠦᠷᠳᠦᠲᠦ ᠮᠠᠰᠢᠨ᠂ 2 ᠳ᠋ᠤᠭᠠᠷ ᠨᠣᠮᠧᠷᠲᠤ ᠬᠦᠷᠳᠦᠲᠦ ᠤᠬᠤᠭᠤᠷ ᠮᠠᠰᠢᠨ ᠢ ᠲᠠᠰ ᠳᠡᠪᠰᠢᠭᠦᠯᠦᠨ ᠰᠠᠶᠢᠵᠢᠷᠠᠭᠤᠯᠪᠠ᠃ ᠨᠠᠩ | ᠮᠠᠭᠲᠠᠭᠤᠰᠢᠲᠠᠢ ᠨᠢ ᠭᠡᠪᠡᠯ᠂ ᠲᠡᠷᠡ 1200 kw ᠤᠨ ᠲᠣᠭᠲᠠᠮᠠᠯ ᠰᠣᠷᠢᠨᠵᠢᠨ ᠥᠩᠬᠦᠷᠢᠭᠦᠯ ᠳᠡᠭᠡᠷ᠎ᠡ ᠥᠨᠳᠥᠷ ᠳᠠᠷᠤᠯᠲᠠᠲᠤ ᠳᠠᠪᠲᠠᠮᠵᠢ ᠬᠤᠪᠢᠰᠬᠠᠭᠤᠷ ᠨᠡᠮᠡᠭᠡᠳ | ᠴᠢᠮᠡᠭᠡ ᠬᠤᠯᠪᠣᠭᠠᠨ ᠤ ᠬᠠᠷᠰᠢᠯᠠᠯ ᠤᠨ ᠮᠡᠷᠭᠡᠵᠢᠯ ᠤᠨ ᠪᠡᠷᠬᠡ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠡᠢ᠃ ᠶᠤᠸᠠᠨ ᠪᠦᠦ ᠱᠠᠨ ᠵᠠᠳᠠᠭᠠᠢ ᠨᠡᠭᠦᠷᠡᠰᠦᠨ | ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ ᠳᠡᠳ᠋ ᠳᠠᠭᠠᠭᠠᠮᠠᠯ ᠰᠢᠶᠧ ᠶᠢᠨ ᠯᠦᠩ᠄ ︽ᠢᠦᠢ ᠴᠠᠩ ᠵᠧᠩ ᠲᠣᠨᠤᠭ ᠲᠥᠬᠦᠭᠡᠷᠦᠮᠵᠢ ᠶᠢ ᠲᠠᠰ | ᠳᠡᠪᠰᠢᠭᠦᠯᠦᠨ ᠰᠠᠶᠢᠵᠢᠷᠠᠭᠤᠯᠤᠭᠰᠠᠨ ᠤ ᠳᠠᠷᠠᠭ᠎ᠠ᠂ ᠮᠠᠰᠢᠨ ᠤ ᠡᠪᠳᠡᠷᠡᠬᠦ ᠨᠢ ᠴᠥᠭᠡᠷᠡᠭᠰᠡᠨ ᠪᠥᠭᠡᠳ ᠡᠪᠳᠡᠷᠡᠭᠰᠡᠨ ᠴᠦ ᠤᠳᠠᠭᠰᠠᠨ ᠦᠭᠡᠢ ᠵᠠᠰᠠᠵᠤ᠂ ᠲᠣᠨᠤᠭ | ᠲᠥᠬᠦᠭᠡᠷᠦᠮᠵᠢ ᠶᠢᠨ ᠬᠦᠨᠳᠦ ᠠᠴᠢᠶᠠᠯᠠᠯ ᠠᠴᠠ ᠪᠣᠯᠤᠭᠰᠠᠨ ᠭᠤᠮ ᠪᠦᠰᠡ ᠶᠢᠨ ᠵᠠᠯᠭᠠᠭᠠᠰᠤ ᠬᠠᠭᠠᠷᠠᠬᠤ᠂ ᠡᠯᠡᠭᠳᠡᠬᠦ ᠵᠡᠷᠭᠡ ᠠᠯᠢ ᠣᠯᠠᠨ ᠠᠰᠠᠭᠤᠳᠠᠯ ᠪᠠᠭᠠᠰᠴᠤ᠂ | ᠵᠢᠯ ᠪᠦᠷᠢ ᠠᠵᠤ ᠠᠬᠤᠶᠢᠯᠠᠯ ᠳᠤ 2000 ᠭᠠᠷᠤᠢ ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠵᠠᠢ︾ ᠭᠡᠵᠦ ᠲᠠᠨᠢᠯᠴᠠᠭᠤᠯᠪᠠ᠃ 2018 ᠣᠨ ᠳᠤ | ᠬᠤᠶᠠᠳᠤᠭᠠᠷ ᠳᠡᠰ ᠤᠨ ᠬᠡᠮᠬᠡᠯᠬᠦ ᠥᠷᠲᠡᠭᠡ ᠪᠣᠯᠣᠨ ᠭᠤᠮ ᠪᠦᠰᠡᠲᠦ ᠮᠠᠰᠢᠨ 311 ᠨᠣᠮᠧᠷᠲᠤ ᠪᠠ 321 ᠨᠣᠮᠧᠷᠲᠤ ᠴᠢᠮᠡᠭᠡ ᠬᠤᠯᠪᠣᠭᠠᠨ ᠤ ᠵᠠᠯᠭᠠᠯᠲᠠ ᠳᠤ | ᠦᠷᠭᠦᠯᠵᠢ ᠮᠠᠰᠢᠨ ᠵᠣᠬᠰᠣᠬᠤ ᠦᠵᠡᠭᠳᠡᠯ ᠭᠠᠷᠴᠤ᠂ ᠢᠦᠢ ᠴᠠᠩ ᠵᠧᠩ ᠬᠤᠪᠢᠰᠤᠮᠠᠯ ᠭᠦᠶᠦᠳᠡᠯᠲᠦ ᠴᠠᠭᠢᠯᠭᠠᠨ ᠡᠭᠦᠰᠬᠡᠭᠴᠢ ᠶᠢ ᠲᠣᠭᠲᠠᠮᠠᠯ ᠭᠦᠶᠦᠳᠡᠯᠲᠦ | ᠴᠠᠭᠢᠯᠭᠠᠨ ᠡᠭᠦᠰᠬᠡᠭᠴᠢ ᠪᠤᠯᠭᠠᠵᠤ᠂ ᠤᠤᠯ ᠤᠨ ᠲᠠᠲᠠᠬᠳᠠᠭᠤᠷ ᠪᠠ ᠴᠠᠭᠢᠯᠭᠠᠨ ᠤᠲᠠᠰᠤᠨ ᠤ ᠵᠠᠯᠭᠠᠯᠲᠠ ᠶᠢᠨ ᠳᠠᠮᠵᠢᠭᠤᠯᠭ᠎ᠠ ᠶᠢᠨ ᠳᠣᠬᠢᠶ᠎ᠠ ᠶᠢ PLC ᠫᠷᠣᠭ᠍ᠷᠠᠮ ᠪᠠ | ᠭᠡᠷᠡᠯ ᠰᠢᠷᠬᠡᠭ ᠤᠨ ᠵᠠᠯᠭᠠᠯᠲᠠ ᠶᠢᠨ ᠳᠣᠭᠢᠶᠠᠨ ᠤ ᠳᠠᠮᠵᠢᠭᠤᠯᠭ᠎ᠠ ᠪᠣᠯᠭᠠᠨ ᠥᠭᠡᠷᠡᠴᠢᠯᠡᠭᠰᠡᠨ ᠢᠶᠠᠷ ᠪᠠᠶᠢᠨ ᠳᠠᠭᠢᠨ ᠭᠠᠷᠳᠠᠭ ᠲᠤᠰ ᠠᠰᠠᠭᠤᠳᠠᠯ ᠢ ᠲᠣᠬᠢᠲᠠᠢ | ᠰᠢᠢᠳᠪᠦᠷᠢᠯᠡᠪᠡ᠃ ︽ᠲᠥᠬᠦᠭᠡᠷᠦᠮᠵᠢ ᠳᠤ ᠠᠰᠠᠭᠤᠳᠠᠯ ᠭᠠᠷᠤᠮᠠᠭᠴᠠ᠂ ᠲᠣᠬᠢᠷᠠᠭᠤᠯᠬᠤ ᠲᠠᠰᠤᠭ ᠠᠴᠠ ᠠᠰᠠᠭᠤᠳᠠᠯ ᠭᠠᠷᠤᠭᠰᠠᠨ ᠰᠢᠯᠲᠠᠭᠠᠨ ᠵᠢᠴᠢ ᠡᠷᠢᠬᠦ | ᠴᠢᠬᠤᠯᠠᠲᠠᠢ ᠲᠤᠨᠤᠭ ᠰᠡᠯᠪᠢᠭ ᠤᠨ ᠨᠣᠮᠧᠷ ᠢ ᠲᠣᠳᠣᠷᠬᠠᠢ ᠢᠯᠡᠷᠡᠭᠦᠯᠵᠦ ᠴᠢᠳᠠᠨ᠎ᠠ︾ ᠭᠡᠵᠦ ᠢᠦᠢ ᠴᠠᠩ ᠵᠧᠩ ᠬᠡᠯᠡᠪᠡ᠃ 2018 ᠣᠨ ᠳᠤ 316 ᠨᠣᠮᠧᠷᠲᠤ | ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠬᠠᠵᠠᠶᠢᠵᠤ᠂ ᠲᠥᠬᠦᠭᠡᠷᠦᠮᠵᠢ ᠶᠢᠨ ᠠᠮᠤᠷ ᠲᠦᠪᠰᠢᠨ᠂ ᠬᠡᠪ ᠤᠨ ᠶᠣᠰᠣᠭᠠᠷ ᠠᠵᠢᠯᠯᠠᠬᠤ ᠶᠢ ᠬᠦᠨᠳᠦ | ᠨᠣᠴᠢᠲᠠᠢ ᠨᠥᠯᠥᠭᠡᠯᠡᠪᠡ᠃ ᠪᠦᠰᠡ ᠶᠢ ᠡᠷᠭᠢᠯᠳᠦᠭᠦᠯᠬᠦ ᠮᠠᠰᠢᠨ ᠳᠤᠨᠢ ᠨᠡᠭᠦᠷᠡᠰᠦ ᠨᠠᠭᠠᠯᠳᠤᠬᠤ᠂ ᠥᠩᠬᠦᠷᠢᠭᠦᠯ ᠲᠦᠡᠭᠰᠠ ᠶᠢ ᠪᠣᠭᠤᠭᠰᠠᠨ ᠨᠠᠭᠠᠯᠲᠠ ᠨᠢ ᠵᠢᠭᠳᠡ ᠪᠤᠰᠤ | ᠵᠢᠴᠢ ᠨᠡᠭᠦᠷᠡᠰᠦ ᠪᠠᠨ ᠪᠠᠭᠤᠯᠭᠠᠬᠤ ᠴᠡᠭ ᠨᠢ ᠰᠢᠯᠵᠢᠭᠰᠡᠨ ᠨᠢ ᠭᠤᠣᠯ ᠰᠢᠯᠲᠠᠭᠠᠨ ᠪᠤᠯᠬᠤ ᠶᠢ ᠢᠦᠢ ᠴᠠᠩ ᠵᠧᠩ ᠢᠯᠡᠷᠡᠭᠦᠯᠪᠡ᠃ ᠲᠡᠷᠡ ᠲᠤᠬᠠᠢ ᠶᠢᠨ ᠭᠠᠵᠠᠷ ᠲᠤᠨᠢ | ᠰᠢᠯᠭᠠᠨ ᠪᠠᠶᠢᠴᠠᠭᠠᠬᠤ ᠪᠠ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠠᠷ ᠳᠠᠮᠵᠢᠨ᠂ ᠡᠴᠦᠰ ᠲᠡᠭᠡᠨ ᠬᠡᠰᠡᠭ ᠬᠤᠪᠢᠶᠠᠭᠰᠠᠨ ᠮᠠᠶ᠋ᠢᠭ ᠤᠨ ᠬᠢᠨᠠᠨ | ᠬᠡᠮᠵᠢᠬᠦ ᠲᠥᠰᠥᠯ ᠢ ᠬᠡᠷᠡᠭᠯᠡᠵᠦ᠂ ᠭᠤᠮ ᠪᠦᠰᠡ ᠶᠢᠨ ᠳᠤᠮᠳᠠ ᠬᠡᠰᠡᠭ ᠤᠨ ᠬᠦᠨᠳᠦ ᠠᠯᠤᠬ᠎ᠠ ᠶᠢᠨ ᠣᠷᠣᠨ ᠤ ᠬᠤᠶᠠᠷ ᠬᠠᠵᠠᠭᠤ ᠪᠠᠷ ᠭᠦᠶᠦᠯᠲᠡ ᠶᠢᠨ ᠨᠡᠭᠡᠯᠡᠭᠡᠢ | ᠨᠡᠮᠡᠨ ᠤᠭᠰᠠᠷᠠᠵᠤ᠂ ᠭᠤᠮ ᠪᠦᠰᠡ ᠶᠢᠨ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠪᠠᠷ ᠳᠤᠷᠠᠳᠴᠠᠢ᠃ ︽ᠭᠤᠮ ᠪᠦᠰᠡ ᠬᠠᠵᠠᠶᠢᠬᠤ | ᠦᠵᠡᠭᠳᠡᠯ ᠭᠠᠷᠤᠮᠠᠭᠴᠠ᠂ ᠲᠡᠷᠡ ᠳᠠᠷᠤᠢ ᠲᠣᠬᠢᠷᠠᠭᠤᠯᠬᠤ ᠲᠠᠰᠤᠭ ᠵᠦᠭ ᠬᠡᠯᠪᠠᠶᠢᠭ᠍ᠰᠡᠨ ᠳᠣᠬᠢᠶ᠎ᠠ ᠪᠠᠨ ᠠᠦ᠋ᠲ᠋ᠣ᠋ ᠪᠠᠷ ᠮᠡᠳᠡᠭᠦᠯᠵᠦ ᠪᠣᠯᠣᠨ᠎ᠠ︾ ᠭᠡᠵᠦ ᠢᠦᠢ ᠴᠠᠩ | ᠵᠧᠩ ᠬᠡᠯᠡᠭᠰᠡᠨ ᠢᠶᠠᠨ ᠵᠠᠯᠭᠠᠭᠠᠳ᠂ ᠬᠠᠵᠠᠭᠤ ᠶᠢᠨ ᠨᠡᠭᠡᠯᠡᠭᠡᠢ ᠶᠢ ᠨᠡᠭᠡᠭᠡᠬᠦ ᠨᠢ ᠭᠤᠮ ᠪᠦᠰᠡ ᠶᠢᠨ ᠭᠡᠮᠲᠦᠯ ᠤᠨ ᠲᠦᠭᠰᠢᠭᠦᠷᠢ ᠶᠢ 80% ᠪᠠᠷ ᠪᠠᠭᠤᠷᠠᠭᠤᠯᠵᠤ᠂ | ᠵᠢᠯ ᠤᠨ ᠬᠠᠮᠠᠭᠠᠯᠠᠯᠲᠠ ᠶᠢᠨ ᠥᠪᠡᠷ ᠤᠨ ᠥᠷᠲᠡᠭ ᠢ 50 ᠭᠠᠷᠤᠢ ᠲᠦᠮᠡᠨ ᠲᠥᠭᠦᠷᠢᠭ ᠠᠷᠪᠢᠯᠠᠵᠤ᠂ ᠨᠡᠭᠦᠷᠡᠰᠦ ᠳᠠᠮᠵᠢᠭᠤᠯᠬᠤ ᠰᠢᠰᠲ᠋ᠧᠮ ᠢ 5 ᠵᠢᠯ ᠳᠠᠷᠠᠭᠠᠯᠠᠨ ︽ | ᠲᠥᠯᠥᠪᠯᠡᠭᠡ ᠠᠴᠠ ᠭᠠᠳᠠᠭᠤᠷ ᠮᠠᠰᠢᠨ ᠦᠯᠤ ᠵᠤᠬᠰᠤᠬᠤ︾ ᠲᠡᠮᠳᠡᠭᠯᠡᠯ ᠢ ᠪᠠᠲᠤᠯᠠᠪᠠ᠃ 2019 ᠣᠨ ᠤ ᠳᠣᠣᠷ᠎ᠠ ᠬᠠᠭᠠᠰ ᠵᠢᠯ ᠳᠤ ᠭᠤᠮ ᠪᠦᠰᠡᠲᠦ ᠮᠠᠰᠢᠨ | ᠭᠡᠨᠡᠳᠲᠡ ᠵᠣᠭᠰᠣᠵᠤ᠂ ᠭᠡᠮᠲᠦᠯ ᠭᠠᠷᠤᠭᠰᠠᠨ ᠰᠢᠯᠲᠠᠭᠠᠨ ᠢ ᠡᠷᠢᠵᠦ ᠣᠯᠬᠤ ᠦᠭᠡᠢ᠂ ᠦᠢᠯᠡᠳᠪᠦᠷᠢᠯᠡᠯ ᠤᠭ ᠤᠨ ᠲᠥᠯᠥᠪᠯᠡᠭᠡ ᠶᠣᠰᠣᠭᠠᠷ ᠶᠠᠪᠤᠭᠳᠠᠬᠤ ᠠᠷᠭ᠎ᠠ | ᠦᠭᠡᠢ ᠪᠣᠯᠪᠠ᠃ ᠲᠤᠬᠠᠢ ᠶᠢᠨ ᠦᠶ᠎ᠡ ᠳᠤ ᠶᠠᠭ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠣᠷᠭᠢᠯ ᠤᠨ ᠬᠤᠭᠤᠴᠠᠭ᠎ᠠ ᠪᠠᠶᠢᠪᠠ᠃ | ︽ᠲᠥᠬᠦᠭᠡᠷᠦᠮᠵᠢ ᠶᠢ ᠴᠤᠴᠠᠯᠵᠤ ᠰᠠᠯᠭᠠᠭᠰᠠᠨ ᠭᠤᠷᠪᠠᠳᠤᠭᠠᠷ ᠡᠳᠦᠷ᠂ ᠵᠠᠮ ᠱᠤᠭᠤᠮ ᠨᠢ ᠲᠦᠢᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠳᠤ ᠪᠠᠶᠢᠯ᠎ᠠ︾᠃ | ᠲᠡᠷᠡ ᠤᠳᠠᠭ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠭᠢᠴᠡᠭᠦᠯᠬᠦ ᠳᠡᠭᠡᠨ᠂ ᠢᠦᠢ ᠴᠠᠩ ᠵᠧᠩ ᠮᠥᠨ ᠬᠦ ᠥᠪᠡᠷ ᠤᠨ ᠡᠷᠬᠡ ᠦᠭᠡᠢ ᠡᠪᠡᠷᠰᠢᠭᠰᠡᠨ | ᠬᠤᠶᠠᠷ ᠭᠠᠷ ᠢᠶᠠᠨ ᠨᠤᠬᠤᠯᠠᠳᠠᠭ᠃ ᠳᠠᠭᠢᠨ ᠳᠠᠪᠲᠠᠨ ᠪᠠᠶᠢᠴᠠᠭᠠᠭᠰᠠᠨ ᠤ ᠳ᠋ᠦᠩ ᠳᠤ᠂ ᠢᠦᠢ ᠴᠠᠩ ᠵᠧᠩ᠂ ᠨᠡᠭᠡᠯᠡᠭᠡᠢ ᠶᠢᠨ ᠵᠢᠷᠤᠭ ᠲᠥᠯᠥᠪᠯᠡᠭᠡ ᠨᠢ | ᠳᠤᠲᠠᠭᠳᠠᠯ ᠲᠠᠢ ᠠᠴᠠ ᠪᠣᠯᠵᠤ᠂ ᠬᠤᠭᠤᠰᠤᠨ ᠬᠦᠷᠦᠯᠴᠡᠭᠦᠷ ᠨᠢ ᠭᠦᠢᠴᠡᠳ ᠰᠣᠷᠣᠵᠤ ᠳᠡᠶᠢᠯᠦᠭᠰᠡᠨ ᠦᠭᠡᠢ ᠠᠴᠠ ᠪᠣᠯᠵᠤ ᠮᠠᠰᠢᠨ ᠵᠣᠬᠰᠣᠬᠤ ᠦᠵᠡᠭᠳᠡᠯ | ᠭᠠᠷᠤᠭᠰᠠᠨ ᠢ ᠢᠯᠡᠷᠡᠭᠦᠯᠪᠡ᠃ ᠲᠤᠰᠠᠯᠠᠬᠤ ᠨᠡᠭᠡᠯᠡᠭᠡᠢ ᠶᠢᠨ ᠵᠠᠯᠭᠠᠬᠤ ᠴᠡᠭ ᠤᠨ ᠶᠠᠪᠤᠴᠠ᠂ ᠮᠧᠬᠠᠨᠢᠭ ᠤᠨ ᠬᠡᠰᠡᠭ ᠢ ᠪᠠᠭᠠᠰᠬᠠᠬᠤ ᠲᠤᠰᠠᠯᠠᠬᠤ ᠨᠡᠭᠡᠯᠡᠭᠡᠢ ᠶᠢᠨ | ᠬᠥᠳᠡᠯᠭᠡᠭᠡᠨ ᠵᠡᠷᠭᠡ ᠶᠢ ᠥᠭᠡᠷᠡᠴᠢᠯᠡᠭᠰᠡᠨ ᠤ ᠳᠠᠷᠠᠭ᠎ᠠ᠂ ᠡᠨᠡ ᠬᠦ ᠬᠦᠴᠢᠷ ᠠᠰᠠᠭᠤᠳᠠᠯ ᠡᠴᠦᠰ ᠲᠡᠭᠡᠨ ᠰᠢᠢᠳᠪᠦᠷᠢᠯᠡᠭᠳᠡᠪᠡ᠃ ︽ᠬᠤᠭᠤᠰᠤᠨ ᠬᠦᠷᠦᠯᠴᠡᠭᠦᠷ ᠤᠨ | ᠲᠤᠰᠠᠯᠠᠬᠤ ᠨᠡᠭᠡᠯᠡᠭᠡᠢ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠪᠦᠷᠢ 1000 ᠲᠦᠮᠡᠨ ᠭᠷᠡᠳᠦ᠋ᠰ ᠤᠨ ᠴᠠᠭᠢᠯᠭᠠᠨ ᠠᠷᠪᠢᠯᠠᠵᠤ᠂ 800 ᠭᠠᠷᠤᠢ ᠲᠦᠮᠡᠨ | ᠲᠥᠭᠦᠷᠢᠭ ᠤᠨ ᠦᠷ᠎ᠡ ᠠᠰᠢᠭ ᠣᠯᠵᠠᠢ︾ ᠭᠡᠵᠦ ᠰᠢᠶᠧ ᠶᠢᠨ ᠯᠦᠩ ᠬᠡᠯᠡᠪᠡ᠃ | ᠡᠨᠡ ᠬᠦ ︽ᠦᠬᠦᠨ ᠪᠠᠷᠢᠮᠲᠠᠯᠠᠬᠤ︾ ᠵᠣᠷᠢᠭ ᠰᠠᠨᠠᠭ᠎ᠠ ᠨᠢ ᠰᠢᠨ᠎ᠡ ᠡᠭᠦᠳᠦᠯᠲᠡ ᠶᠢ ᠪᠤᠢ ᠪᠣᠯᠭᠠᠪᠠ᠄ ︽ᠨᠢᠭᠡ ᠵᠦᠢᠯ ᠤᠨ ᠬᠤᠭᠤᠰᠤᠨ ᠬᠦᠷᠦᠯᠴᠡᠭᠦᠷ ᠤᠨ | ᠲᠤᠰᠠᠯᠠᠬᠤ ᠨᠡᠭᠡᠯᠡᠭᠡᠢ︾᠂ ︽ᠬᠡᠮᠬᠡᠯᠬᠦ ᠥᠷᠲᠡᠭᠡ ᠶᠢᠨ ᠠᠭᠤᠷᠬᠠᠢ ᠶᠢᠨ ᠲᠡᠷᠭᠡᠨ ᠤ ᠠᠦ᠋ᠲ᠋ᠣ᠋ ᠲᠣᠭᠠᠯᠠᠭᠤᠷ︾᠂ ︽ᠭᠤᠮ ᠪᠦᠰᠡ ᠤᠷᠠᠭᠳᠠᠭᠰᠠᠨ ᠢ ᠪᠠᠶᠢᠴᠠᠭᠠᠨ | ᠬᠡᠮᠵᠢᠬᠦ ᠲᠣᠨᠣᠭᠯᠠᠯ︾ ᠵᠡᠷᠭᠡ 3 ᠵᠦᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠤᠰ ᠤᠨ ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠢ | ᠭᠦᠷᠳᠡᠪᠡ᠃ | ︽ᠢᠦᠢ ᠴᠠᠩ ᠵᠧᠩ ᠤᠨ ᠭᠦᠳᠡᠯᠮᠦᠷᠢ ᠶᠢᠨ ᠵᠢᠱᠢᠶᠡᠴᠢ ︵ᠤᠷᠠᠨ ᠳᠠᠷᠬᠠᠨ︶ ᠶᠢᠨ ᠰᠢᠨ᠎ᠡ ᠶᠢ ᠡᠭᠦᠳᠬᠦ ᠠᠵᠢᠯᠯᠠᠬᠤ ᠲᠠᠰᠤᠭ︾ ᠲᠤ ᠣᠷᠣᠬᠤ ᠳᠤ ᠶᠠᠭ ᠯᠡ | ᠨᠢᠭᠡᠨ ︽ᠲᠤᠷᠰᠢᠯᠲᠠ ᠶᠢᠨ ᠲᠠᠰᠤᠭ︾ ᠲᠤ ᠣᠷᠣᠭᠰᠠᠨ ᠰᠢᠭ᠋ ᠪᠠᠶᠢᠵᠤ᠂ ᠡᠯ᠎ᠡ ᠲᠥᠷᠥᠯ ᠤᠨ ᠲᠥᠬᠦᠭᠡᠷᠦᠮᠵᠢ ᠶᠢ ᠡᠮᠬᠢ ᠵᠢᠷᠤᠮ ᠲᠠᠢ ᠲᠢᠭᠯᠡᠵᠦ ᠲᠠᠯᠪᠢᠵᠠᠢ᠃ | ᠭᠠᠷᠠᠭ ᠪᠦᠷᠢ ᠶᠢᠨ ᠭᠠᠷᠠᠭ ᠤᠨ ᠲᠠᠪᠤᠨ ᠤ ᠦᠳᠡ ᠶᠢᠨ ᠬᠤᠶᠢᠨ᠎ᠠ᠂ ᠠᠵᠢᠯ ᠤᠨ ᠲᠠᠰᠤᠭ ᠲᠤ ᠶᠡᠷᠦ ᠨᠢ ᠡᠶᠢᠮᠦ ᠪᠠᠶᠢᠳᠠᠯ ᠢ ᠣᠯᠵᠤ ᠬᠠᠷᠠᠳᠠᠭ᠄ ᠵᠠᠯᠠᠭᠤ ᠠᠵᠢᠯᠲᠠᠨ | ᠠᠵᠢᠯᠴᠢᠨ PLC ᠶᠢᠨ ᠠᠵᠢᠯᠯᠠᠬᠤ ᠲᠠᠪᠴᠠᠩ ᠢ ᠲᠣᠭᠤᠷᠢᠵᠤ᠂ ᠢᠦᠢ ᠴᠠᠩ ᠵᠧᠩ ᠴᠠᠭᠢᠯᠭᠠᠨ ᠬᠡᠯᠬᠢᠶ᠎ᠡ ᠶᠢᠨ ᠮᠡᠳᠡᠯᠭᠡ ᠶᠢ ᠨᠠᠷᠢᠨ ᠬᠢᠨᠠᠮᠠᠭᠠᠢ ᠲᠠᠶᠢᠯᠪᠤᠷᠢᠯᠠᠨ᠎ᠠ᠃ | ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋ ᠲᠤᠭ᠎ᠠ ᠲᠣᠭᠠᠯᠠᠭᠤᠷ ᠢ ᠰᠠᠶᠢᠵᠢᠷᠠᠭᠤᠯᠬᠤ ᠲᠤᠬᠠᠢ ᠲᠠᠶᠢᠯᠪᠤᠷᠢᠯᠠᠬᠤ ᠳᠠᠭᠠᠨ᠂ ᠲᠡᠷᠡ ᠭᠡᠨᠡᠳᠲᠡ | ᠠᠰᠠᠭᠤᠳᠠᠯ ᠳᠤᠷᠠᠳᠴᠤ᠄ ︽ᠰᠠᠷᠢᠰᠤᠨ ᠪᠠᠭᠪᠠᠭᠠᠢ ᠨᠢ ᠬᠡᠷᠬᠢᠨ ᠷᠠᠳᠠᠷ ᠤᠨ ᠮᠡᠷᠭᠡᠵᠢᠯ ᠳᠤ ᠰᠡᠩᠬᠡᠷᠡᠭᠦᠯᠦᠯ ᠥᠭᠭᠦᠭᠰᠡᠨ ᠢ ᠮᠡᠳᠡᠨ᠎ᠡ ᠤᠤ︖︾ ᠭᠡᠵᠦ ᠠᠰᠠᠭᠤᠪᠠ᠃ | ᠡᠶᠢᠮᠦᠷᠬᠦᠦ ᠪᠠᠶᠠᠷ ᠴᠡᠩᠭᠡᠯ ᠲᠠᠢ ᠴᠢᠯᠦᠭᠡᠲᠡᠢ ᠪᠠᠶᠢᠳᠠᠭ ᠬᠢᠴᠢᠶᠡᠯᠯᠡᠬᠦ ᠠᠷᠭ᠎ᠠ ᠮᠠᠶ᠋ᠢᠭ ᠨᠢ ᠠᠮᠲᠠ ᠰᠢᠮᠳᠡ ᠦᠭᠡᠢ ᠮᠡᠳᠡᠯᠭᠡ ᠶᠢ ᠠᠮᠢᠳᠤᠯᠢᠭ ᠲᠤᠰᠬᠠᠢ ᠮᠡᠷᠭᠡᠵᠢᠯ | ᠪᠣᠯᠭᠠᠨ ᠵᠠᠯᠠᠭᠤ ᠠᠵᠢᠯᠲᠠᠨ ᠢ ᠬᠥᠮᠥᠵᠢᠭᠦᠯᠦᠨ ᠰᠡᠩᠬᠡᠷᠡᠭᠦᠯᠦᠯ ᠣᠯᠭᠤᠳᠠᠭ᠃ | ︽ᠦᠢᠯᠡᠳᠪᠦᠷᠢᠯᠡᠯ ᠤᠨ ᠶᠠᠪᠤᠴᠠ ᠳᠤ ᠰᠠᠭᠠᠳ ᠭᠠᠷᠬᠤ ᠦᠶ᠎ᠡ ᠳᠤ ᠢᠦᠢ ᠠᠩᠭᠢ ᠶᠢᠨ ᠳᠠᠷᠤᠭ᠎ᠠ ᠪᠢᠳᠡᠨ ᠳᠤ ᠡᠷᠡᠭᠦᠦ ᠶᠢᠨ ᠬᠡᠷᠡᠭ ᠢ ᠡᠪᠳᠡᠬᠦ ᠰᠢᠭ | ᠠᠰᠠᠭᠤᠳᠠᠯ ᠢ ᠵᠠᠳᠠᠯᠵᠤ᠂ ᠰᠢᠨ᠎ᠡ ᠶᠢ ᠡᠭᠦᠳᠬᠦ ᠰᠡᠳᠬᠢᠬᠦᠢ ᠶᠢᠨ ᠭᠤᠣᠯᠳᠠᠯᠭ᠎ᠠ ᠨᠢ ᠰᠢᠨ᠎ᠡ ᠠᠷᠭ᠎ᠠ ᠶᠢ ᠵᠣᠷᠢᠭᠲᠠᠢ ᠪᠠᠷ ᠲᠤᠷᠰᠢᠬᠤ ᠳᠤ ᠪᠤᠢ ᠭᠡᠵᠦ ᠵᠢᠭᠠᠵᠤ ᠦᠭᠳᠡᠭ᠃ | ᠥᠩᠭᠡᠷᠡᠭᠰᠡᠨ ᠤ ᠲᠣᠭᠠᠯᠠᠭᠤᠷ ᠪᠣᠯ ᠲᠤᠰᠬᠠᠯ ᠤᠨ ᠭᠡᠯᠪᠡᠷᠢ ᠶᠢᠨ ᠤᠯᠠᠭᠠᠨ ᠤ ᠭᠠᠳᠠᠨᠠᠬᠢ ᠭᠡᠷᠡᠯ ᠤᠨ ᠴᠠᠭᠢᠯᠭᠠᠨ ᠤ ᠤᠭ ᠶᠣᠰᠣ ᠶᠢ ᠠᠰᠢᠭᠯᠠᠵᠤ ᠲᠤᠭ᠎ᠠ | ᠲᠣᠭᠠᠯᠠᠬᠤ ᠶᠢ ᠪᠡᠶᠡᠯᠡᠭᠦᠯᠵᠦ᠂ ᠬᠠᠷᠠᠩᠭᠤᠢ ᠰᠥᠨᠢ ᠲᠣᠭᠠᠯᠠᠭᠤᠷ ᠨᠢ ᠣᠷᠴᠢᠨ ᠲᠣᠭᠤᠷᠢᠨ ᠳᠤ ᠨᠥᠯᠥᠭᠡᠯᠡᠭᠳᠡᠭ᠂ ᠲᠡᠷᠡ ᠪᠣᠯ ᠳᠠᠷᠤᠢ ᠰᠠᠷᠢᠰᠤᠨ ᠪᠠᠭᠪᠠᠭᠠᠢ ᠰᠥᠨᠢ | ᠢᠳᠡᠰᠢ ᠡᠷᠢᠬᠦ ᠦᠶᠡᠰ ᠤᠨ ᠰᠡᠷᠡᠵᠦ ᠮᠡᠳᠡᠬᠦ ᠴᠢᠳᠠᠪᠤᠷᠢ ᠶᠢ ᠬᠤᠯᠪᠣᠨ ᠪᠤᠳᠣᠵᠤ᠂ ᠡᠭᠦᠨ ᠠᠴᠠ ᠪᠣᠯᠵᠤ ᠬᠡᠮᠬᠡᠯᠬᠦ ᠦᠷᠲᠡᠭᠡ ᠶᠢᠨ ᠠᠭᠤᠷᠬᠠᠢ ᠶᠢᠨ ᠮᠠᠰᠢᠨ ᠤ ᠠᠦ᠋ᠲ᠋ᠣ᠋ | ᠲᠣᠭᠠᠯᠠᠭᠤᠷ ᠢ ᠰᠠᠶᠢᠵᠢᠷᠠᠭᠤᠯᠤᠭᠰᠠᠨ ᠶᠤᠮ︾᠃ ᠶᠤᠸᠠᠨ ᠪᠤᠤ ᠱᠠᠨ ᠵᠠᠳᠠᠭᠠᠢ ᠨᠡᠭᠦᠷᠡᠰᠦᠨ ᠠᠭᠤᠷᠬᠠᠢ ᠶᠢᠨ ᠠᠭᠤᠷᠬᠠᠢ ᠮᠠᠯᠲᠠᠬᠤ ᠨᠢᠭᠡᠳᠦᠭᠡᠷ ᠬᠡᠯᠲᠡᠰ ᠤᠨ | ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ ᠴᠠᠭᠢᠯᠭᠠᠨ ᠤ ᠠᠵᠢᠯᠲᠠᠨ ᠸᠠᠩ ᠰᠢᠶᠣᠣ ᠪᠢᠨ᠂ ᠢᠦᠢ ᠴᠠᠩ ᠵᠧᠩ ᠤᠨ ᠬᠠᠪᠰᠤᠷᠤᠯᠭ᠎ᠠ | ᠳᠣᠣᠷ᠎ᠠ ᠪᠢ ᠴᠠᠭᠢᠯᠭᠠᠨ ᠲᠤᠨᠤᠭ ᠲᠥᠬᠦᠭᠡᠷᠦᠮᠵᠢ ᠵᠠᠰᠠᠬᠤ ᠰᠤᠷᠤᠬᠴᠢ ᠪᠠᠶᠢᠭᠰᠠᠨ ᠠᠴᠠ ᠳᠡᠭᠡᠳᠦ ᠵᠡᠷᠭᠡ ᠶᠢᠨ ᠲᠧᠭᠨᠢᠭᠴᠢ ᠪᠣᠯᠪᠠ ᠭᠡᠪᠡ᠃ | ᠢᠦᠢ ᠴᠠᠩ ᠵᠧᠩ ᠠᠵᠢᠯ ᠤᠨ ᠪᠠᠶᠢᠷᠢ ᠶᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠴᠠᠭᠢᠯᠭᠠᠨ ᠤ ᠤᠬᠠᠭᠠᠨ ᠤ ᠵᠢᠭᠠᠬᠤ ᠮᠠᠲ᠋ᠧᠷᠢᠶᠠᠯ ᠢ ᠥᠪᠡᠷ ᠢᠶᠠᠨ | ᠨᠠᠶᠢᠷᠠᠭᠤᠯᠵᠤ᠂ PPT ᠵᠢᠭᠠᠨ ᠰᠤᠷᠭᠠᠯᠲᠠ ᠶᠢᠨ ᠲᠤᠨᠤᠭ ᠢ ᠵᠣᠬᠢᠶᠠᠨ ᠦᠢᠯᠡᠳᠬᠦ ᠶᠢᠨ ᠬᠠᠮᠲᠤ ᠬᠥᠮᠥᠨ ᠪᠦᠷᠢ ᠶᠢᠨ ᠳᠤᠷ᠎ᠠ ᠰᠣᠨᠢᠷᠬᠠᠯ ᠤᠨ ᠣᠨᠴᠠᠯᠢᠭ ᠢ | ᠦᠨᠳᠦᠰᠦᠯᠡᠨ ᠬᠠᠨᠳᠤᠯᠭᠠᠲᠤ ᠴᠢᠨᠠᠷᠲᠠᠢ ᠬᠥᠮᠥᠵᠢᠭᠦᠯᠵᠦ᠂ ᠲᠡᠳᠡᠨ ᠳᠤ ᠠᠵᠢᠯ ᠤᠨ ᠶᠠᠪᠤᠴᠠ ᠶᠢ ᠲᠦᠷᠭᠡᠨ ᠣᠶᠢᠯᠠᠭᠠᠭᠤᠯᠪᠠ᠃ ᠣᠳᠣᠬᠠᠨ ᠳᠤ᠂ ᠢᠦᠢ ᠴᠠᠩ ᠵᠧᠩ | ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠵᠢᠯ ᠤᠨ ᠪᠠᠶᠢᠷᠢ ᠳᠤ ᠰᠢᠯᠵᠢᠭᠰᠡᠨ ᠬᠥᠮᠥᠰ᠂ ᠰᠢᠨ᠎ᠡ ᠪᠠᠷ ᠡᠯᠰᠡᠭᠰᠡᠨ ᠠᠵᠢᠯᠲᠠᠨ ᠢ ᠨᠡᠶᠢᠲᠡ 2000 | ᠭᠠᠷᠤᠢ ᠬᠥᠮᠥᠨ ᠤᠳᠠᠭ᠎ᠠ ᠪᠣᠯᠪᠠᠰᠤᠷᠠᠭᠤᠯᠪᠠ᠃ ᠲᠡᠭᠦᠨ ᠤ ᠬᠠᠪᠰᠤᠷᠤᠯᠭ᠎ᠠ ᠳᠣᠣᠷ᠎ᠠ ᠴᠠᠭᠢᠯᠭᠠᠨ ᠲᠤᠨᠤᠭ ᠲᠥᠬᠦᠭᠡᠷᠦᠮᠵᠢ ᠪᠠᠶᠢᠴᠠᠭᠠᠨ ᠰᠡᠯᠪᠢᠬᠦ ᠠᠩᠭᠢ ᠶᠢᠨ 22 | ᠬᠥᠮᠥᠨ ᠤ ᠳᠣᠲᠣᠷ᠎ᠠ 1 ᠬᠥᠮᠥᠨ ᠨᠢ ᠣᠨᠴᠠ ᠲᠡᠰ ᠤᠨ ᠲᠧᠭᠨᠢᠭᠴᠢ᠂ 7 ᠬᠥᠮᠥᠨ ᠨᠢ ᠳᠡᠭᠡᠳᠦ ᠵᠡᠷᠭᠡ ᠶᠢᠨ ᠲᠧᠭᠨᠢᠭᠴᠢ᠂ 6 ᠬᠥᠮᠥᠨ ᠨᠢ ᠲᠧᠭᠨᠢᠭᠴᠢ ᠪᠣᠯᠤᠭᠰᠠᠨ | ᠪᠠᠶᠢᠨ᠎ᠠ᠃ | ᠶᠠᠭᠠᠬᠢᠭᠠᠳ ᠤᠯᠠᠨ ᠵᠢᠯ ᠤᠨ ᠲᠤᠷᠰᠢ ᠢᠮᠠᠭᠲᠠ ᠵᠠᠯᠠᠭᠤ ᠠᠵᠢᠯᠴᠢᠨ ᠳᠤ ᠬᠢᠴᠢᠶᠡᠯ ᠣᠷᠣᠬᠤ ᠶᠢ ᠪᠠᠷᠢᠮᠲᠠᠯᠠᠭᠰᠠᠭᠠᠷ ᠢᠷᠡᠭᠰᠡᠨ ᠲᠤᠬᠠᠢ ᠠᠰᠠᠭᠤᠬᠤ ᠳᠤ᠂ | ᠢᠦᠢ ᠴᠠᠩ ᠵᠧᠩ᠄ ︽ᠲᠤᠬᠠᠢ ᠶᠢᠨ ᠦᠶ᠎ᠡ ᠳᠤ ᠪᠠᠭᠰᠢ ᠨᠠᠳᠠ ᠳᠤ ᠲᠥᠬᠦᠭᠡᠷᠦᠮᠵᠢ ᠶᠢᠨ ︿ᠵᠢᠷᠦᠬᠡᠨ ᠯᠤᠭᠰᠢᠯᠲᠠ ᠶᠢᠨ ᠵᠢᠷᠤᠭ﹀ ᠢ ᠬᠡᠷᠬᠢᠨ ᠢᠯᠭᠠᠨ ᠲᠠᠨᠢᠬᠤ ᠶᠢ | ᠵᠢᠭᠠᠵᠤ ᠥᠭᠭᠦᠭᠰᠡᠨ᠂ ᠤᠳᠤ ᠪᠢᠳᠡ ᠵᠠᠯᠠᠭᠤᠴᠤᠳ ᠲᠤ ︿ᠮᠡᠷᠭᠡᠵᠢᠯ ᠤᠨ ᠵᠠᠮᠴᠢᠯᠠᠭᠤᠷ﹀ ᠢ ᠤᠭᠰᠠᠷᠠᠵᠤ ᠥᠭᠬᠦ ᠬᠡᠷᠡᠭᠲᠡᠢ︾ ᠭᠡᠵᠦ ᠢᠨᠢᠶᠡᠮᠰᠦᠭᠯᠡᠨ ᠬᠡᠯᠡᠵᠦ ᠪᠢᠯᠡ᠃ | | ᠡᠳᠦᠷ ᠪᠣᠯᠭᠠᠨ ᠰᠢᠨᠡᠴᠢᠯᠡᠪᠡᠯ ᠰᠠᠶ᠋ᠢ ᠡᠳᠦᠷ ᠢᠷᠡᠬᠦᠶ᠎ᠡ ᠥᠭᠡᠳᠡᠯᠡᠨ ᠳᠠᠪᠰᠢᠵᠤ ᠰᠢᠨ᠎ᠡ ᠣᠯᠣᠯᠲᠠ ᠲᠠᠢ ᠪᠣᠯᠵᠤ ᠴᠢᠳᠠᠨ᠎ᠠ᠃ ᠢᠦᠢ ᠴᠠᠩ ᠵᠧᠩ ᠥᠪᠡᠷ ᠤᠨ | ᠳᠤᠷ᠎ᠠ ᠪᠠᠭ᠋ᠠᠲᠠᠢ ᠬᠦᠷᠢᠶᠡᠨ ᠳᠡᠭᠡᠨ ᠭᠦᠨᠵᠡᠭᠡᠶᠢᠷᠡᠨ ᠨᠠᠷᠢᠯᠢᠭ ᠠᠴᠠ ᠨᠠᠷᠢᠯᠢᠭ ᠣᠷᠣᠵᠤ᠂ ᠰᠢᠷᠭᠠᠭᠤ ᠬᠠᠲᠠᠭᠤᠵᠢᠯᠲᠠᠢ ᠠᠵᠢᠯᠯᠠᠪᠠ︔ ᠤᠷ᠎ᠠ ᠴᠢᠳᠠᠪᠤᠷᠢ ᠪᠠᠷ | ᠴᠢᠳᠠᠪᠤᠷᠢᠲᠠᠨ ᠪᠤᠯᠬᠤ ᠵᠠᠮ ᠳᠡᠭᠡᠷ᠎ᠡ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠮᠡᠬᠡᠶᠢᠯᠡᠨ ᠤᠷᠤᠭᠰᠢᠯᠠᠪᠠ᠃ ᠢᠦᠢ ᠴᠠᠩ ᠵᠧᠩ ᠮᠡᠷᠭᠡᠵᠢᠯ ᠤᠨ | ᠥᠭᠡᠷᠡᠴᠢᠯᠡᠯᠲᠡ ᠳᠤ 40 ᠭᠠᠷᠤᠢ ᠤᠳᠠᠭ᠎ᠠ ᠣᠷᠣᠯᠴᠠᠵᠤ ᠠᠵᠤ ᠠᠬᠤᠶᠢᠯᠠᠯ ᠳᠤ 5000 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠠᠷᠪᠢᠯᠠᠪᠠ᠃ ᠢᠦᠢ | ᠴᠠᠩ ᠵᠧᠩ ᠤᠷᠢᠳ ᠬᠤᠵᠢᠳ ᠪᠦᠭᠦ ᠤᠯᠤᠰ ᠤᠨ ︽5 · 1︾ ᠤ ᠭᠦᠳᠡᠯᠮᠦᠷᠢ ᠶᠢᠨ ᠱᠠᠩᠨᠠᠯ᠂ ᠪᠦᠭᠦ ᠤᠯᠤᠰ ᠤᠨ ᠮᠡᠷᠭᠡᠵᠢᠯ ᠤᠨ ᠴᠢᠳᠠᠮᠠᠭᠠᠢ ᠭᠠᠷ᠂ | ᠨᠡᠭᠦᠷᠡᠰᠦᠨ ᠤ ᠠᠵᠢᠯ ᠲᠦᠷᠦᠯ ᠤᠨ ᠤᠷ᠎ᠠ ᠴᠢᠳᠠᠪᠤᠷᠢ ᠶᠢᠨ ᠲᠧᠭᠨᠢᠭᠴᠢ᠂ ᠪᠦᠭᠦ ᠤᠯᠤᠰ ᠤᠨ ᠡᠨᠧᠷᠭᠢ ᠬᠢᠮᠢ ᠭᠠᠵᠠᠷ ᠰᠢᠨᠵᠢᠯᠡᠭᠡᠨ ᠤ ᠰᠢᠰᠲ᠋ᠧᠮ ᠤᠨ ᠲᠣᠮᠣ | ᠤᠯᠤᠰ ᠤᠨ ᠤᠷᠠᠨ ᠳᠠᠷᠬᠠᠨ ᠵᠡᠷᠭᠡ ᠤᠯᠠᠨ ᠵᠦᠢᠯ ᠤᠨ ᠢᠷᠠᠭᠤ ᠠᠯᠳᠠᠷ ᠢ ᠭᠦᠷᠲᠡᠪᠡ᠃ ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ | ᠪᠠᠶᠠᠷ ᠠᠴᠠ ᠡᠮᠦᠨ᠎ᠡ ᠢᠦᠢ ᠴᠠᠩ ᠵᠧᠩ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ | ᠢᠦᠢ ᠴᠠᠩ ᠵᠧᠩ᠄ ︽ᠪᠢ ᠦᠷᠭᠦᠯᠵᠢᠯᠡᠨ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠦᠨᠳᠦᠰᠦᠯᠡᠵᠦ᠂ ᠤᠯᠤᠰ ᠤᠨ ᠡᠨᠧᠷᠭᠢ ᠶᠢᠨ ᠦᠢᠯᠡᠰ ᠲᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠢᠯᠡᠳᠬᠡᠪᠡ᠃ | | | | | |