ᠡᠮᠴᠢᠯᠡᠭᠡᠨ ᠳᠤ ᠬᠡᠷᠡᠭᠯᠡᠬᠦ ᠰᠫᠢᠷᠲ ᠪᠠ 84 ᠠᠷᠢᠭᠤᠳᠬᠠᠬᠤ ᠰᠢᠩᠭᠡᠨ ᠢ ᠭᠠᠯᠲᠤ ᠲᠡᠷᠭᠡᠨ ᠳᠤ ᠠᠪᠴᠤ ᠭᠠᠷᠴᠤ ᠪᠤᠯᠬᠤ ᠦᠭᠡᠢ
ᠨᠡᠶᠢᠲᠡᠯᠡᠭᠰᠡᠨ ᠴᠠᠭ᠄
2025/5/6
    ᠥᠷᠭᠡᠨ ᠣᠯᠠᠨ ᠠᠶᠠᠨᠴᠢᠳ ᠭᠠᠳᠠᠭᠰᠢ ᠭᠠᠷᠬᠤ ᠳᠠᠭᠠᠨ ᠠᠪᠴᠤ ᠶᠠᠪᠤᠳᠠᠭ ᠡᠮᠴᠢᠯᠡᠭᠡᠨ ᠳᠤ ᠬᠡᠷᠡᠭᠯᠡᠬᠦ ᠰᠫᠢᠷᠲ᠂ 84 ᠠᠷᠢᠭᠤᠳᠬᠠᠬᠤ ᠰᠢᠩᠭᠡᠨ ᠵᠡᠷᠭᠡ ᠨᠢ ᠭᠠᠯᠲᠤ ᠲᠡᠷᠭᠡᠨ ᠥᠷᠲᠡᠭᠡᠨ ᠳᠤ ᠣᠷᠣᠬᠤ ᠦᠶ᠎ᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠥᠩᠭᠡᠷᠡᠵᠦ ᠲᠡᠶᠢᠯᠭᠦ ᠦᠭᠡᠢ ᠪᠣᠯᠤᠭᠰᠠᠨ ᠪᠠᠶᠢᠨ᠎ᠠ᠃ ᠣᠷᠴᠢᠮ ᠭᠦᠭᠡᠬᠤᠲᠠ ᠶᠢᠨ ᠲᠡᠮᠦᠷ ᠵᠠᠮ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠡᠯ᠎ᠡ ᠲᠥᠷᠥᠯ ᠤᠨ ᠠᠮᠠᠷᠬᠠᠨ ᠨᠣᠴᠣᠬᠤ ᠠᠮᠠᠷᠬᠠᠨ ᠳᠡᠯᠪᠡᠷᠡᠬᠦ ᠰᠢᠩᠭᠡᠨ ᠪᠡᠶᠡᠲᠦ ᠶᠢ 12060 ᠮᠢᠯᠢᠯᠢᠳ᠋ᠷ ᠪᠠᠶᠢᠴᠠᠭᠠᠨ ᠭᠠᠷᠭᠠᠭᠰᠠᠨ ᠪᠠᠶᠢᠨ᠎ᠠ᠃    1 ᠳ᠋ᠦ᠋ᠭᠡᠷ ᠰᠠᠷ᠎ᠠ ᠶᠢᠨ 27 ᠤ 14 ᠴᠠᠭ ᠲᠤ᠂ ᠭᠦᠭᠡᠬᠤᠲᠠ ᠶᠢᠨ ᠭᠠᠯᠲᠤ ᠲᠡᠷᠭᠡᠨ ᠥᠷᠲᠡᠭᠡ ᠶᠢᠨ ᠤᠷᠤᠴᠠ ᠳᠤ᠂ ᠨᠢᠭᠡ ᠠᠶᠠᠨᠴᠢᠨ ᠤ ᠪᠣᠭᠴᠣᠨ ᠳᠤ ᠨᠢᠭᠡ ᠯᠣᠩᠬᠤ ᠲᠣᠳᠣᠷᠬᠠᠢ ᠪᠤᠰᠤ ᠰᠢᠩᠭᠡᠨ ᠪᠡᠶᠡᠲᠦ ᠪᠠᠶᠢᠬᠤ ᠶᠢ ᠣᠯᠵᠤ ᠮᠡᠳᠡᠭᠡᠳ᠂ ᠪᠠᠶᠢᠴᠠᠭᠠᠯᠲᠠ ᠪᠠᠷ ᠳᠡᠮᠵᠢᠨ 500 ᠮᠢᠯᠢᠯᠢᠳ᠋ᠷ 75% ᠶᠢᠨ ᠥᠳᠬᠡᠴᠡ ᠲᠠᠢ ᠡᠮᠴᠢᠯᠡᠭᠡᠨ ᠳᠤ ᠬᠡᠷᠡᠭᠯᠡᠬᠦ ᠰᠫᠢᠷᠲ ᠪᠤᠯᠬᠤ ᠶᠢ ᠨᠤᠲᠠᠯᠠᠪᠠ᠃ ᠴᠠᠭᠳᠠᠭ᠎ᠠ ᠶᠢᠨ ᠠᠰᠠᠭᠤᠨ ᠯᠠᠪᠯᠠᠭᠰᠠᠨ ᠢᠶᠠᠷ᠂ ᠠᠶᠠᠨᠴᠢᠨ ᠦ᠋ ᠣᠪᠣᠭᠲᠤ ᠲᠤᠬᠠᠢ ᠶᠢᠨ ᠡᠳᠦᠷ ᠤᠨ ᠪᠡᠭᠡᠵᠢᠩ ᠳᠤ ᠬᠦᠷᠬᠦ ᠲᠡᠷᠭᠡᠨ ᠳᠡᠭᠡᠷ᠎ᠡ ᠰᠠᠭᠤᠬᠤ ᠪᠠᠷ ᠪᠡᠯᠡᠳᠬᠡᠵᠦ᠂ ᠭᠠᠯᠲᠤ ᠲᠡᠷᠭᠡᠨ ᠳᠡᠭᠡᠷ᠎ᠡ ᠬᠥᠮᠥᠨ ᠬᠠᠷ᠎ᠠ ᠤᠯᠠᠨ ᠪᠣᠯᠬᠤᠷ ᠨᠢᠭᠡ ᠯᠣᠩᠬᠤ ᠰᠫᠢᠷᠲ ᠬᠤᠳᠠᠯᠳᠤᠨ ᠠᠪᠴᠤ ᠠᠷᠢᠭᠤᠳᠬᠠᠬᠤ ᠪᠠᠷ ᠪᠡᠯᠡᠳᠬᠡᠭᠰᠡᠨ ᠪᠠᠶᠢᠵᠠᠢ᠃ ᠦ᠋ ᠣᠪᠣᠭᠲᠤ ᠴᠠᠭᠳᠠᠭ᠎ᠠ ᠶᠢᠨ ᠲᠡᠷᠡ ᠳᠠᠷᠤᠢ ᠳᠤᠨᠢ ᠲᠠᠶᠢᠯᠪᠤᠷᠢᠯᠠᠭᠰᠠᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠰᠣᠨᠣᠰᠴᠤ᠂ ᠯᠣᠩᠬᠤ ᠲᠠᠢ ᠰᠫᠢᠷᠲ ᠢ ᠰᠠᠨᠠᠭᠠᠴᠢᠯᠠᠭ᠎ᠠ ᠠᠴᠠ ᠪᠠᠨ ᠤᠷᠭᠢᠬᠰᠠᠨ ᠪᠠᠶᠢᠨ᠎ᠠ᠃    ᠠᠷᠢᠭᠤᠳᠬᠠᠬᠤ ᠰᠫᠢᠷᠲ ᠪᠣᠯ ᠠᠮᠠᠷᠬᠠᠨ ᠨᠣᠴᠣᠬᠤ ᠠᠮᠠᠷᠬᠠᠨ ᠳᠡᠯᠪᠡᠷᠡᠬᠦ ᠠᠶᠤᠯᠲᠤ ᠪᠣᠳᠠᠰ ᠪᠠᠶᠢᠵᠤ᠂ ᠲᠡᠷᠭᠡᠨ ᠥᠷᠲᠡᠭᠡᠨ ᠳᠤ ᠠᠪᠴᠤ ᠣᠷᠣᠵᠤ ᠪᠤᠯᠬᠤ ᠦᠭᠡᠢ ︵ᠪᠣᠭᠤᠳᠠᠯ ᠲᠠᠢ᠂ ᠪᠢᠲᠡᠭᠦᠮᠵᠢᠯᠡᠭᠰᠡᠨ ᠠᠷᠢᠭᠤᠳᠬᠠᠯ ᠤᠨ ᠨᠦᠢᠲᠠᠨ ᠠᠯᠴᠢᠭᠤᠷ ᠢ ᠠᠪᠴᠤ ᠪᠣᠯᠣᠨ᠎ᠠ︶ ; 84 ᠠᠷᠢᠭᠤᠳᠬᠠᠬᠤ ᠰᠢᠩᠭᠡᠨ ᠨᠢ ᠢᠳᠡᠭᠳᠡᠭᠦᠯᠬᠦ ᠴᠢᠨᠠᠷᠲᠠᠢ ᠠᠶᠤᠯᠲᠤ ᠪᠣᠳᠠᠰ ᠲᠤ ᠲᠣᠭᠠᠴᠠᠭᠳᠠᠬᠤ ᠪᠣᠯᠬᠤᠷ ᠥᠷᠲᠡᠭᠡᠨ ᠳᠤ ᠠᠪᠴᠤ ᠣᠷᠣᠬᠤ ᠶᠢ ᠴᠠᠭᠠᠵᠠᠯᠠᠳᠠᠭ ; ᠬᠤᠪᠢᠶᠠᠨ ᠰᠠᠪᠠᠯᠠᠬᠤ ᠯᠣᠩᠬᠤᠨ ᠳᠤ ᠬᠢᠭᠰᠡᠨ ᠢᠯᠭᠠᠨ ᠲᠠᠨᠢᠬᠤ ᠶᠢᠨ ᠠᠷᠭ᠎ᠠ ᠦᠭᠡᠢ ᠰᠫᠢᠷᠲ ᠪᠠ ᠠᠷᠢᠭᠤᠳᠬᠠᠬᠤ ᠰᠢᠩᠭᠡᠨ ᠢ ᠮᠥᠨ ᠠᠪᠴᠤ ᠣᠷᠣᠵᠤ ᠪᠤᠯᠬᠤ ᠦᠭᠡᠢ᠃ ᠬᠢᠴᠢᠶᠡᠮᠵᠢ ᠦᠭᠡᠢ ᠪᠠᠷ ᠠᠪᠤᠭᠰᠠᠨ ᠪᠠᠶᠢᠪᠠᠯ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠲᠠᠨ ᠳᠤ ᠲᠤᠰᠢᠶᠠᠨ ᠥᠭᠴᠦ ᠰᠢᠢᠳᠪᠦᠷᠢᠯᠡᠭᠦᠯᠵᠦ ᠪᠣᠯᠣᠨ᠎ᠠ᠂ ᠪᠠᠰᠠ ᠲᠥᠷᠥᠯ ᠰᠠᠳᠤᠨ ᠨᠠᠶᠢᠵᠠ ᠨᠥᠬᠦᠳ ᠲᠡᠭᠡᠨ ᠥᠭᠴᠦ ᠶᠠᠪᠤᠭᠤᠯᠵᠤ ᠪᠣᠯᠣᠨ᠎ᠠ᠃ ᠬᠡᠷᠪᠡ ᠠᠪᠴᠤ ᠶᠠᠪᠤᠵᠤ ᠪᠠᠶᠢᠭ᠎ᠠ ᠪᠣᠳᠠᠰ ᠨᠢ ᠪᠠᠰᠠ ᠠᠰᠠᠭᠤᠳᠠᠯ ᠲᠠᠢ ᠪᠣᠯ 12306 ᠦᠢᠯᠡᠴᠢᠯᠡᠭᠡᠨ ᠤ ᠤᠲᠠᠰᠤ ᠪᠤᠶᠤ ᠲᠤᠬᠠᠢ ᠶᠢᠨ ᠭᠠᠵᠠᠷ ᠤᠨ ᠲᠡᠷᠭᠡᠨ ᠥᠷᠲᠡᠭᠡᠨ ᠳᠤ ᠣᠴᠢᠵᠤ ᠠᠰᠠᠭᠤᠵᠤ ᠪᠣᠯᠣᠨ᠎ᠠ᠃ ᠡᠶᠢᠮᠦ ᠠᠴᠠ ᠥᠷᠭᠡᠨ ᠣᠯᠠᠨ ᠠᠶᠠᠨᠴᠢᠳ ᠲᠡᠮᠦᠷ ᠵᠠᠮ ᠤᠨ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ ᠳᠤ ᠴᠠᠭᠠᠵᠠ ᠲᠠᠢ ᠡᠳ᠋ ᠪᠣᠳᠠᠰ ᠠᠪᠴᠤ ᠶᠠᠪᠤᠬᠤ ᠶᠢ ᠬᠢᠵᠠᠭᠠᠷᠯᠠᠬᠤ ᠲᠣᠭᠲᠠᠭᠠᠯ ᠢ ᠴᠢᠩᠭ᠎ᠠ ᠵᠢᠷᠤᠮᠯᠠᠨ᠂ ᠠᠮᠤᠷ ᠲᠦᠪᠰᠢᠨ ᠤ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠪᠠ ᠬᠠᠮᠵᠢᠯᠴᠠᠵᠤ᠂ ᠠᠶᠠᠯᠠᠯ ᠤᠨ ᠠᠮᠤᠷ ᠲᠦᠪᠰᠢᠨ ᠪᠥᠭᠡᠳ ᠤᠷᠤᠭᠰᠢᠲᠠᠢ ᠪᠠᠶᠢᠬᠤ ᠶᠢ ᠪᠠᠲᠤᠯᠠᠶ᠎ᠠ᠃ 
ᠢᠷᠡᠯᠲᠡ᠄ ᠠᠷᠠᠳ ᠤᠨ ᠮᠤᠩᠭᠤᠯ ᠰᠦᠯᠵᠢᠶ᠎ᠡ