| | ᠨᠢᠭᠡ᠂ ᠪᠢᠴᠢᠭ ᠤᠨ ᠭᠡᠯᠪᠡᠷᠢ ᠪᠠᠷ ᠲᠤᠰᠬᠠᠢ ᠠᠰᠢᠭ ᠤᠨ ᠡᠷᠬᠡ ᠭᠤᠶᠤᠴᠢᠯᠠᠪᠠᠯ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ | ᠲᠣᠪᠴᠢᠶ᠎ᠠ ᠶᠢᠨ ᠲᠤᠰᠬᠠᠢ ᠠᠰᠢᠭ ᠤᠨ ᠲᠣᠪᠴᠢᠶ᠎ᠠ ᠳᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢᠶᠠᠨ ᠨᠢᠭᠡ ᠬᠤᠪᠢ ᠲᠤᠰᠢᠶᠠᠬᠤ ᠬᠡᠷᠡᠭᠲᠡᠢ᠃ | ᠡᠭᠦᠳᠦᠯᠲᠡ ᠶᠢᠨ ᠲᠤᠰᠬᠠᠢ ᠠᠰᠢᠭ ᠭᠤᠶᠤᠴᠢᠯᠠᠬᠤ ᠳᠠᠭᠠᠨ ᠲᠤᠰᠬᠠᠢ ᠠᠰᠢᠭ ᠤᠨ ᠬᠠᠤᠯᠢ ᠶᠢᠨ ᠬᠤᠷᠢᠨ ᠵᠢᠷᠭᠤᠳᠤᠭᠠᠷ ᠵᠦᠢᠯ ᠳᠤ ᠲᠣᠭᠲᠠᠭᠠᠭᠰᠠᠨ | ᠭᠤᠶᠤᠴᠢᠯᠠᠯ ᠤᠨ ᠪᠢᠴᠢᠭ᠂ ᠡᠷᠬᠡ ᠶᠢᠨ ᠲᠤᠬᠠᠢ ᠱᠠᠭᠠᠷᠳᠠᠯᠭ᠎ᠠ ᠶᠢᠨ ᠪᠢᠴᠢᠭ᠂ ᠲᠣᠳᠣᠷᠬᠠᠶᠢᠯᠠᠯᠲᠠ ᠶᠢᠨ ᠪᠢᠴᠢᠭ ᠬᠢᠭᠡᠳ ᠲᠡᠭᠦᠨ ᠤ ᠲᠣᠪᠴᠢᠯᠠᠯ᠂ | ᠲᠣᠳᠣᠷᠬᠠᠶᠢᠯᠠᠯᠲᠠ ᠶᠢᠨ ᠪᠢᠴᠢᠭ ᠤᠨ ᠳᠠᠭᠠᠯᠳᠤᠭᠤᠯᠤᠭᠰᠠᠨ ᠵᠢᠷᠤᠭ ︵ᠴᠢᠬᠤᠯᠠ ᠲᠠᠢ ᠦᠶᠡᠰ︶ ᠢ ᠲᠤᠰᠢᠶᠠᠬᠤ ᠬᠡᠷᠡᠭᠲᠡᠢ᠃ | ᠬᠡᠷᠡᠭᠯᠡᠭᠡᠨ ᠤ ᠰᠢᠨ᠎ᠡ ᠭᠡᠯᠪᠡᠷᠢ ᠶᠢᠨ ᠲᠤᠰᠬᠠᠢ ᠠᠰᠢᠭ ᠭᠤᠶᠤᠴᠢᠯᠠᠬᠤ ᠳᠤ ᠲᠤᠰᠬᠠᠢ ᠠᠰᠢᠭ ᠤᠨ ᠡᠷᠬᠡ ᠶᠢᠨ ᠬᠠᠤᠯᠢ ᠶᠢᠨ ᠬᠤᠷᠢᠨ ᠵᠢᠷᠭᠤᠳᠤᠭᠠᠷ ᠵᠦᠢᠯ ᠳᠤ | ᠲᠣᠭᠲᠠᠭᠠᠭᠰᠠᠨ ᠭᠤᠶᠤᠴᠢᠯᠠᠯ ᠤᠨ ᠪᠢᠴᠢᠭ᠂ ᠡᠷᠬᠡ ᠶᠢᠨ ᠱᠠᠭᠠᠷᠳᠠᠯᠭ᠎ᠠ ᠶᠢᠨ ᠪᠢᠴᠢᠭ᠂ ᠲᠣᠳᠣᠷᠬᠠᠶᠢᠯᠠᠯᠲᠠ ᠶᠢᠨ ᠪᠢᠴᠢᠭ ᠬᠢᠭᠡᠳ ᠲᠡᠭᠦᠨ ᠤ ᠲᠣᠪᠴᠢᠯᠠᠯ᠂ | ᠲᠣᠳᠣᠷᠬᠠᠶᠢᠯᠠᠯᠲᠠ ᠶᠢᠨ ᠪᠢᠴᠢᠭ ᠤᠨ ᠳᠠᠭᠠᠯᠳᠤᠭᠤᠯᠤᠭᠰᠠᠨ ᠵᠢᠷᠤᠭ ᠢ ᠲᠤᠰᠢᠶᠠᠬᠤ ᠬᠡᠷᠡᠭᠲᠡᠢ᠃ | ᠭᠠᠳᠠᠷ ᠳᠦᠷᠰᠦ ᠶᠢᠨ ᠵᠢᠷᠤᠭ ᠲᠥᠯᠥᠪᠯᠡᠭᠡᠨ ᠤ ᠲᠤᠰᠬᠠᠢ ᠠᠰᠢᠭ ᠭᠤᠶᠤᠴᠢᠯᠠᠬᠤ ᠳᠤ ᠲᠤᠰᠬᠠᠢ ᠠᠰᠢᠭ ᠤᠨ ᠬᠠᠤᠯᠢ ᠶᠢᠨ ᠬᠤᠷᠢᠨ ᠳᠣᠯᠣᠳᠤᠭᠠᠷ ᠵᠦᠢᠯ ᠳᠤ | ᠲᠣᠭᠲᠠᠭᠠᠭᠰᠠᠨ ᠭᠤᠶᠤᠴᠢᠯᠠᠯ ᠤᠨ ᠪᠢᠴᠢᠭ᠂ ᠲᠤᠰ ᠭᠠᠳᠠᠷ ᠳᠦᠷᠰᠦ ᠶᠢᠨ ᠵᠢᠷᠤᠭ ᠪᠤᠶᠤ ᠭᠡᠷᠡᠯ ᠵᠢᠷᠤᠭ ᠵᠢᠴᠢ ᠲᠤᠰ ᠭᠠᠳᠠᠷ ᠳᠦᠷᠰᠦ ᠶᠢᠨ ᠵᠢᠷᠤᠭ | ᠲᠥᠯᠥᠪᠯᠡᠭᠡᠨ ᠤ ᠲᠤᠬᠠᠢ ᠲᠣᠪᠴᠢ ᠲᠣᠳᠣᠷᠬᠠᠶᠢᠯᠠᠯᠲᠠ ᠶᠢ ᠲᠤᠰᠢᠶᠠᠬᠤ ᠬᠡᠷᠡᠭᠲᠡᠢ᠃ | ᠬᠤᠶᠠᠷ᠂ ᠡᠯᠧᠺᠳ᠋ᠷᠣᠨ ᠭᠡᠯᠪᠡᠷᠢ ᠪᠠᠷ ᠲᠤᠰᠬᠠᠢ ᠠᠰᠢᠭ ᠭᠤᠶᠤᠴᠢᠯᠠᠭᠰᠠᠳ᠂ ᠲᠤᠰᠬᠠᠢ ᠠᠰᠢᠭ ᠤᠨ ᠡᠯᠧᠺᠳ᠋ᠷᠣᠨ ᠭᠤᠶᠤᠴᠢᠯᠠᠯ ᠤᠨ ᠰᠢᠰᠲ᠋ᠧᠮ ︵ᠡᠯᠧᠺᠳ᠋ᠷᠣᠨ | ᠭᠤᠶᠤᠴᠢᠯᠠᠯ ᠤᠨ ᠬᠡᠷᠡᠭᠯᠡᠭᠴᠢ ᠶᠢᠨ ᠦᠵᠦᠭᠦᠷ ᠪᠤᠶᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠲᠠᠪᠴᠠᠩ︶ ᠢᠶᠠᠷ ᠳᠠᠮᠵᠢᠭᠤᠯᠤᠨ ᠬᠠᠮᠢᠶ᠎ᠠ | ᠪᠦᠬᠦᠢ ᠪᠢᠴᠢᠭ ᠮᠠᠲ᠋ᠧᠷᠢᠶᠡᠯ ᠤᠨ ᠲᠤᠰᠬᠠᠢ ᠠᠰᠢᠭ ᠤᠨ ᠭᠤᠶᠤᠴᠢᠯᠠᠯ ᠤᠨ ᠪᠢᠴᠢᠭ ᠮᠠᠲ᠋ᠧᠷᠢᠶᠠᠯ ᠵᠢᠴᠢ ᠭᠠᠷᠳᠠᠮ ᠢᠶᠠᠨ ᠲᠤᠰᠢᠶᠠᠵᠤ᠂ ᠲᠤᠰᠢᠶᠠᠬᠤ ᠪᠢᠴᠢᠭ | ᠮᠠᠲ᠋ᠧᠷᠢᠶᠡᠯ ᠤᠨ ᠵᠠᠭᠪᠤᠷ ᠨᠢ ︽ᠡᠯᠧᠺᠳ᠋ᠷᠣᠨ ᠭᠤᠶᠤᠴᠢᠯᠠᠯ ᠤᠨ ᠪᠢᠴᠢᠭ ᠮᠠᠲ᠋ᠧᠷᠢᠶᠡᠯ ᠤᠨ ᠵᠠᠭᠪᠤᠷ ᠤᠨ ᠱᠠᠭᠠᠷᠳᠠᠯᠭ᠎ᠠ ᠶᠢᠨ ᠲᠣᠳᠣᠷᠬᠠᠶᠢᠯᠠᠯᠲᠠ︾ ︽ᠭᠠᠳᠠᠷ | ᠳᠦᠷᠰᠦ ᠶᠢᠨ ᠵᠢᠷᠤᠭ ᠲᠥᠯᠥᠪᠯᠡᠭᠡ ᠶᠢᠨ ᠲᠤᠰᠬᠠᠢ ᠠᠰᠢᠭ ᠤᠨ ᠡᠯᠧᠺᠳ᠋ᠷᠣᠨ ᠭᠤᠶᠤᠴᠢᠯᠠᠯ ᠤᠨ ᠵᠢᠷᠤᠮᠵᠢᠯ ᠤᠨ ᠠᠩᠬᠠᠷᠬᠤ ᠵᠦᠢᠯᠡᠰ ᠢ ᠲᠤᠰᠢᠶᠠᠬᠤ︾ ᠬᠠᠮᠢᠶ᠎ᠠ | ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃ | |