ᠰᠢᠬᠢᠷ ᠰᠢᠵᠢᠩ ᠡᠪᠡᠳᠴᠢᠲᠡᠨ ᠤ ᠲᠤᠰᠠ ᠳᠤ
ᠨᠡᠶᠢᠲᠡᠯᠡᠭᠰᠡᠨ ᠴᠠᠭ᠄
2025/5/7
        ᠬᠠᠷᠠᠰᠣ ᠢᠳᠡᠭᠡᠨ ᠤᠮᠳᠠᠭᠠᠨ ᠢᠶᠠᠷ ᠭᠤᠣᠯᠳᠠᠭᠤᠯᠵᠤ ᠲᠠᠷᠭᠤᠯᠠᠬᠤ ᠠᠴᠠ ᠵᠠᠶᠢᠯᠠᠰᠬᠢᠨ᠎ᠡ᠃ ᠬᠥᠩᠭᠡᠨ ᠬᠤᠭᠤᠯᠠᠯᠠᠵᠤ᠂ ᠲᠣᠰᠣ᠂ ᠳᠠᠪᠤᠰᠤ᠂ ᠰᠢᠬᠢᠷ ᠤᠨ ᠬᠡᠮᠵᠢᠶ᠎ᠡ ᠶᠢ ᠬᠢᠵᠠᠭᠠᠷᠯᠠᠨ᠎ᠠ᠃ ᠬᠠᠭᠤᠷᠤᠯᠭ᠎ᠠ ᠶᠢᠨ ᠲᠣᠰᠣ ᠪᠤᠶᠤ ᠲᠠᠷᠭᠤᠨ ᠮᠢᠬ᠎ᠠ ᠬᠡᠲᠦᠷᠬᠡᠢ ᠠᠷᠪᠢᠨ ᠢᠳᠡᠪᠡᠯ ᠢᠳᠡᠭᠡᠨ ᠤ ᠶᠡᠷᠦᠩᠬᠡᠢ ᠡᠨᠧᠷᠭᠢ ᠶᠢ ᠬᠡᠲᠦᠷᠬᠡᠢ ᠥᠨᠳᠥᠷ ᠪᠤᠯᠭᠠᠵᠦ᠂ ᠪᠡᠶ᠎ᠡ ᠶᠢᠨ ᠬᠦᠨᠳᠦ ᠨᠡᠮᠡᠭᠳᠡᠬᠦ ᠪᠠ ᠮᠠᠷᠢᠶᠠᠲᠠᠢ ᠪᠤᠯᠭᠠᠵᠤ᠂ ᠴᠢᠰᠤᠨ ᠰᠢᠬᠢᠷ᠂ ᠴᠢᠰᠤᠨ ᠥᠭᠡᠬᠦ᠂ ᠴᠢᠰᠤᠨ ᠳᠠᠷᠤᠯᠲᠠ ᠵᠡᠷᠭᠡ ᠰᠣᠯᠢᠯᠴᠠᠭᠠᠨ ᠤ ᠵᠢᠭᠠᠯᠲᠠ ᠲᠤᠭ᠎ᠠ ᠶᠢ ᠨᠥᠯᠥᠭᠡᠯᠡᠨ᠎ᠡ᠃        ᠬᠠᠷ᠎ᠠ ᠤᠰᠤ ᠢᠯᠡᠭᠦᠦ ᠤᠤᠭᠤᠵᠤ᠂ ᠰᠢᠬᠢᠷ ᠲᠠᠢ ᠤᠮᠳᠠᠭ᠎ᠠ ᠤᠤᠭᠤᠬᠤ ᠦᠭᠡᠢ᠃ ᠭᠦᠢᠴᠡᠳ ᠬᠡᠮᠵᠢᠶᠡᠨ ᠤ ᠤᠰᠤ ᠤᠤᠭᠤᠵᠤ᠂ ᠪᠠᠰᠠ ᠵᠣᠬᠢᠬᠤ ᠬᠡᠮᠵᠢᠶᠡᠨ ᠤ ᠰᠢᠩᠭᠡᠨ ᠴᠠᠢ ᠪᠤᠶᠤ ᠺᠣᠹᠧ ᠤᠤᠭᠤᠵᠤ ᠪᠣᠯᠣᠨ᠎ᠠ᠂ ᠰᠢᠬᠢᠷ ᠲᠠᠢ ᠤᠮᠳᠠᠭᠠᠨ ᠤᠤᠭᠤᠬᠤ ᠦᠭᠡᠢ᠃        ᠭᠤᠷᠪᠠᠨ ᠡᠷᠡᠨ ᠤ ᠬᠤᠭᠤᠯᠠ ᠶᠢ ᠲᠣᠭᠲᠠᠭᠰᠠᠨ ᠴᠠᠭ ᠲᠠᠭᠠᠨ ᠲᠣᠭᠲᠠᠭᠰᠠᠨ ᠬᠡᠮᠵᠢᠶ᠎ᠡ ᠲᠠᠢ ᠢᠳᠡᠨ᠎ᠡ᠃ ᠬᠤᠭᠤᠯᠠ ᠢᠳᠡᠬᠦ ᠳᠡᠭᠡᠨ ᠲᠣᠭᠲᠠᠭᠰᠠᠨ ᠴᠠᠭ ᠲᠣᠭᠲᠠᠭᠰᠠᠨ ᠬᠡᠮᠵᠢᠶ᠎ᠡ ᠲᠠᠢ ᠪᠠᠶᠢᠬᠤ ᠪᠣᠯ ᠴᠢᠰᠤᠨ ᠰᠢᠬᠢᠷ ᠢ ᠲᠣᠭᠲᠠᠭᠤᠨ ᠪᠠᠶᠢᠯᠭᠠᠬᠤ ᠶᠢᠨ ᠰᠠᠭᠤᠷᠢ ᠮᠥᠨ᠃ ᠵᠢᠮ᠎ᠡ ᠬᠠᠤᠯᠢ ᠲᠠᠢ ᠬᠤᠭᠤᠯᠠ ᠢᠳᠡᠬᠦ ᠭᠡᠳᠡᠭ ᠨᠢ ᠡᠳᠦᠷ ᠤᠨ ᠭᠤᠷᠪᠠᠨ ᠡᠷᠡᠨ ᠤ ᠬᠤᠭᠤᠯᠠ ᠵᠢᠴᠢ ᠬᠤᠭᠤᠯᠠ ᠨᠡᠮᠡᠬᠦ ᠴᠠᠭ ᠨᠢ ᠬᠠᠷᠢᠴᠠᠩᠭᠤᠢ ᠲᠣᠭᠲᠠᠮᠠᠯ᠂ ᠲᠣᠭᠲᠠᠭᠰᠠᠨ ᠴᠠᠭ ᠲᠤ ᠲᠣᠭᠲᠠᠭᠰᠠᠨ ᠬᠡᠮᠵᠢᠶ᠎ᠡ ᠲᠠᠢ ᠬᠤᠭᠤᠯᠠ ᠢᠳᠡᠬᠦ ᠶᠢ ᠵᠢᠭᠠᠨ᠎ᠠ᠃ ᠬᠡᠲᠦᠷᠡᠲᠡᠯ᠎ᠡ ᠢᠳᠡᠵᠦ ᠤᠤᠭᠤᠬᠤ ᠦᠭᠡᠢ᠂ ᠳᠤᠷ᠎ᠠ ᠪᠠᠷ ᠢᠶᠠᠨ ᠰᠤᠯᠠ ᠢᠳᠡᠭᠡᠨ ᠤᠮᠳᠠᠭᠠᠨ ᠡᠳ᠋ᠯᠡᠬᠦ ᠦᠭᠡᠢ᠂ ᠬᠤᠭᠤᠯᠠᠨ ᠰᠢᠷᠡᠭᠡ ᠪᠠᠨ ᠪᠠᠭᠠᠰᠬᠠᠵᠤ᠂ ᠬᠤᠭᠤᠯᠠ ᠢᠳᠡᠬᠦ ᠤᠳᠠᠭ᠎ᠠ ᠪᠠᠨ ᠪᠠᠭᠠᠰᠬᠠᠨ᠎ᠠ᠃        ᠵᠢᠮᠢᠰ ᠤᠨ ᠬᠡᠮᠵᠢᠶ᠎ᠡ ᠶᠢ ᠬᠢᠵᠠᠭᠠᠷᠯᠠᠵᠤ᠂ ᠡᠷᠡᠨ ᠪᠣᠯᠭᠠᠨ ᠤ ᠬᠤᠭᠤᠯᠠᠨ ᠳᠤ ᠴᠥᠮ ᠢᠳᠡᠰᠢᠨ ᠨᠣᠭᠤᠭ᠎ᠠ ᠪᠠᠶᠢᠪᠠᠯ ᠰᠠᠶᠢᠨ᠃ ᠡᠳᠦᠷ ᠪᠦᠷᠢ 500 ᠭᠷᠡᠮ ᠢᠳᠡᠰᠢᠨ ᠨᠣᠭᠤᠭ᠎ᠠ ᠢᠳᠡᠵᠦ᠂ ᠡᠭᠦᠨ ᠳᠤ ᠭᠦᠨ ᠥᠩᠭᠡ ᠲᠠᠢ ᠢᠳᠡᠰᠢᠨ ᠨᠣᠭᠤᠭ᠎ᠠ ᠬᠠᠭᠠᠰ ᠠᠴᠠ ᠳᠡᠭᠡᠭᠰᠢᠬᠢ ᠶᠢ ᠡᠵᠡᠯᠡᠨ᠎ᠡ᠃ ᠵᠢᠭᠠᠰᠤ᠂ ᠵᠢᠭᠦᠷᠲᠡᠨ ᠤ ᠮᠢᠬ᠎ᠠ ᠵᠡᠷᠭᠡ ᠰᠠᠶᠢᠨ ᠤᠭᠤᠷᠠᠭᠲᠤ ᠢᠳᠡᠭᠡᠨ ᠢ ᠰᠣᠩᠭᠤᠵᠤ᠂ ᠲᠠᠷᠭᠤᠨ ᠮᠢᠬ᠎ᠠ ᠳᠤᠲᠠᠭᠤ ᠢᠳᠡᠨ᠎ᠡ᠃ ᠡᠳᠦᠷ ᠪᠦᠷᠢ ᠰᠦ ᠶᠢᠨ ᠲᠥᠷᠥᠯ ᠪᠠ ᠰᠢᠷ᠎ᠠ ᠪᠤᠷᠴᠠᠭ ᠢᠳᠡᠵᠦ᠂ ᠦᠷᠭᠦᠯᠵᠢ ᠵᠢᠭᠠᠰᠤ᠂ ᠵᠢᠭᠦᠷᠲᠡᠨ ᠤ ᠮᠢᠬ᠎ᠠ ᠢᠳᠡᠵᠦ ᠪᠠᠰᠠ ᠵᠣᠬᠢᠬᠤ ᠬᠡᠮᠵᠢᠶᠡᠨ ᠤ ᠥᠨᠳᠡᠭᠡ ᠪᠠ ᠮᠠᠯ ᠤᠨ ᠮᠢᠬ᠎ᠠ ᠢᠳᠡᠨ᠎ᠡ ; ᠲᠠᠷᠭᠤᠨ ᠮᠢᠬ᠎ᠠ ᠢᠳᠡᠬᠦ ᠶᠢ ᠪᠠᠭᠠᠰᠬᠠᠵᠤ᠂ ᠣᠲᠣᠭᠰᠠᠨ᠂ ᠬᠠᠭᠰᠠᠭᠠᠭᠰᠠᠨ᠂ ᠳᠠᠪᠤᠰᠤᠯᠠᠭᠰᠠᠨ ᠮᠢᠬᠠᠨ ᠤ ᠲᠥᠷᠥᠯ ᠤᠨ ᠪᠦᠲᠦᠭᠡᠭᠳᠡᠬᠦᠨ ᠢ ᠪᠠᠭ᠎ᠠ ᠢᠳᠡᠨ᠎ᠡ᠃        ᠤᠷᠢᠳ ᠢᠶᠠᠷ ᠨᠣᠭᠤᠭ᠎ᠠ ᠪᠠᠨ ᠢᠳᠡᠵᠦ᠂ ᠭᠤᠣᠯ ᠢᠳᠡᠭᠡᠨ ᠢᠶᠠᠨ ᠳᠠᠷᠠᠭ᠎ᠠ ᠨᠢ ᠢᠳᠡᠨ᠎ᠡ᠃ ᠬᠤᠭᠤᠯᠠ ᠢᠳᠡᠬᠦ ᠳᠡᠰ ᠳᠠᠷᠠᠭ᠎ᠠ ᠶᠢ ᠲᠣᠬᠢᠷᠠᠭᠤᠯᠬᠤ ᠨᠢ ᠴᠢᠰᠤᠨ ᠰᠢᠬᠢᠷ ᠢ ᠬᠢᠵᠠᠭᠠᠷᠯᠠᠬᠤ ᠳᠤ ᠠᠰᠢᠭᠲᠠᠢ ᠪᠠᠶᠢᠵᠤ᠂ ᠤᠷᠢᠳ ᠢᠶᠠᠷ ᠨᠣᠭᠤᠭ᠎ᠠ ᠢᠳᠡᠵᠦ᠂ ᠳᠠᠷᠠᠭ᠎ᠠ ᠨᠢ ᠭᠤᠣᠯ ᠢᠳᠡᠭᠡᠨ ᠢᠳᠡᠬᠦ ᠳᠠᠳᠬᠠᠯ ᠲᠠᠢ ᠪᠣᠯᠣᠨ᠎ᠠ᠃ ᠬᠤᠭᠤᠯᠠ ᠢᠳᠡᠬᠦ ᠳᠡᠭᠡᠨ ᠨᠠᠷᠢᠨ ᠵᠠᠵᠢᠯᠵᠤ ᠠᠭᠠᠵᠢᠭᠤ ᠵᠠᠯᠭᠢᠨ᠎ᠠ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ