ᠭᠡᠷ ᠪᠠᠶᠢᠰᠢᠩ ᠵᠠᠰᠠᠨ ᠴᠢᠮᠡᠭᠯᠡᠬᠦ ᠳᠤ ᠡᠳᠡᠭᠡᠷ ᠬᠡᠳᠦᠨ ᠲᠠᠯ᠎ᠠ ᠶᠢ ᠣᠨᠴᠠ ᠠᠩᠬᠠᠷᠤᠭᠠᠷᠠᠢ
ᠨᠡᠶᠢᠲᠡᠯᠡᠭᠰᠡᠨ ᠴᠠᠭ᠄
2025/5/7
      ᠭᠡᠷ ᠪᠠᠶᠢᠰᠢᠩ ᠵᠠᠰᠠᠵᠤ ᠴᠢᠮᠡᠭᠯᠡᠬᠦ ᠳᠤ ᠵᠠᠷᠢᠮ ᠲᠠᠯ᠎ᠠ ᠳᠤ ᠮᠥᠩᠭᠦ ᠵᠣᠭᠤᠰ ᠢᠶᠠᠨ ᠠᠷᠪᠢᠯᠠᠵᠤ ᠪᠣᠯᠣᠨ᠎ᠠ᠂ ᠭᠡᠪᠡᠴᠦ ᠳᠣᠣᠷᠠᠬᠢ ᠬᠡᠳᠦᠨ ᠲᠠᠯ᠎ᠠ ᠳᠤ ᠠᠷᠪᠢᠯᠠᠬᠤ ᠶᠢ ᠳᠡᠩᠳᠡᠭᠦᠦ ᠪᠤᠳᠤᠵᠤ ᠪᠤᠯᠬᠤ ᠦᠭᠡᠢ᠃    1᠂ ᠤᠰᠤ ᠴᠠᠭᠢᠯᠭᠠᠨ᠃ ᠤᠰᠤ ᠴᠠᠭᠢᠯᠭᠠᠨ ᠢ ᠥᠭᠡᠷᠡᠴᠢᠯᠡᠨ ᠵᠠᠰᠠᠬᠤ ᠳᠤ᠂ ᠵᠠᠮ ᠱᠤᠭᠤᠮ ᠤᠨ ᠴᠡᠭ ᠢ ᠵᠠᠪᠠᠯ ᠰᠠᠶᠢᠲᠤᠷ ᠲᠥᠯᠥᠪᠵᠢᠭᠦᠯᠵᠦ᠂ ᠴᠠᠭᠢᠯᠭᠠᠨ ᠤᠭᠯᠠᠭᠤᠷᠭ᠎ᠠ ᠶᠢᠨ ᠲᠤᠭ᠎ᠠ ᠨᠢ ᠬᠦᠷᠦᠯᠴᠡᠬᠦ ᠦᠭᠡᠢ ᠵᠡᠷᠭᠡ ᠠᠰᠠᠭᠤᠳᠠᠯ ᠭᠠᠷᠬᠤ ᠠᠴᠠ ᠪᠤᠯᠭᠤᠮᠵᠢᠯᠠᠭᠠᠷᠠᠢ ;    2᠂ ᠤᠳᠤᠭ᠎ᠠ ᠰᠣᠷᠣᠬᠤ ᠮᠠᠰᠢᠨ ᠪᠠ ᠵᠤᠤᠬ᠎ᠠ ᠶᠢᠨ ᠬᠡᠷᠡᠭᠰᠡᠯ᠃ ᠬᠡᠷᠡᠭᠯᠡᠬᠦ ᠳᠠᠪᠲᠠᠮᠵᠢ ᠨᠢ ᠥᠨᠳᠥᠷ ᠪᠣᠯᠬᠤᠷ᠂ ᠴᠢᠳᠠᠬᠤ ᠶᠢᠨ ᠳᠣᠲᠣᠷ᠎ᠠ ᠴᠢᠨᠠᠷ ᠰᠠᠶᠢᠲᠠᠢ ᠶᠢ ᠬᠤᠳᠠᠯᠳᠤᠨ ᠠᠪᠬᠤ ᠪᠤᠶᠤ ᠲᠣᠬᠢᠲᠠᠢ ᠲᠥᠯᠥᠪᠯᠡᠨ ᠵᠠᠰᠠᠬᠤ ᠬᠡᠷᠡᠭᠲᠡᠢ᠃ ᠬᠡᠷᠪᠡ ᠴᠢᠨᠠᠷ ᠮᠠᠭᠤ ᠤᠳᠤᠭ᠎ᠠ ᠰᠣᠷᠣᠬᠤ ᠮᠠᠰᠢᠨ ᠬᠤᠳᠠᠯᠳᠤᠨ ᠠᠪᠤᠪᠠᠯ᠂ ᠤᠳᠤᠭ᠎ᠠ ᠰᠣᠷᠣᠬᠤ ᠦᠢᠯᠡᠳᠦᠯ ᠨᠢ ᠮᠠᠭᠤ ᠪᠠᠶᠢᠵᠤ᠂ ᠲᠠᠭᠤ ᠱᠤᠤᠭᠢᠶᠠᠨ ᠨᠢ ᠴᠦ ᠶᠡᠭᠡ ᠪᠠᠶᠢᠳᠠᠭ ;    3᠂ ᠰᠢᠯᠤᠨ ᠨᠠᠭᠠᠯᠲᠠ᠃ ᠬᠡᠳᠦ᠋ᠢᠪᠡᠷ ᠰᠣᠨᠣᠰᠳᠠᠬᠤ ᠨᠢ ᠴᠥᠭᠡᠨ ᠪᠤᠯᠪᠠᠴᠦ ᠦᠨᠡᠨ ᠳᠡᠭᠡᠨ ᠭᠡᠷ ᠪᠠᠶᠢᠰᠢᠩ ᠵᠠᠰᠠᠵᠤ ᠴᠢᠮᠡᠭᠯᠡᠬᠦ ᠦᠶ᠎ᠡ ᠳᠤ ᠰᠢᠯᠤᠨ ᠨᠠᠭᠠᠯᠲᠠ ᠬᠡᠷᠡᠭᠯᠡᠬᠦ ᠭᠠᠵᠠᠷ ᠮᠠᠰᠢ ᠣᠯᠠᠨ ᠪᠠᠶᠢᠳᠠᠭ᠃ ᠵᠢᠱᠢᠶᠡᠯᠡᠪᠡᠯ ᠡᠭᠦᠳᠡ ᠴᠣᠩᠬᠤ ᠤᠭᠰᠠᠷᠠᠬᠤ ᠠᠷᠢᠭᠤᠨ ᠴᠡᠪᠡᠷ ᠤᠨ ᠬᠡᠷᠡᠭᠰᠡᠯ ᠢ ᠤᠭᠰᠠᠷᠠᠬᠤ ᠳᠤ᠂ ᠬᠤᠳᠠᠯᠳᠤᠭᠠᠴᠢᠳ ᠶᠡᠷᠦ ᠳᠡᠭᠡᠨ ᠦᠨ᠎ᠡ ᠲᠥᠯᠥᠪᠦᠷᠢ ᠦᠭᠡᠢ ᠪᠠᠷ ᠰᠢᠯᠤᠨ ᠨᠠᠭᠠᠯᠲᠠ ᠬᠦᠷᠭᠡᠳᠡᠭ᠃ ᠭᠡᠪᠡᠴᠦ ᠴᠢᠨᠠᠷ ᠨᠢ ᠲᠡᠶᠢᠮᠦ ᠰᠠᠶᠢᠨ ᠪᠢᠰᠢ ᠪᠠᠶᠢᠳᠠᠭ ᠠᠴᠠ᠂ ᠴᠠᠭ ᠤᠨ ᠣᠷᠳᠣ ᠳᠤ ᠠᠮᠠᠷᠬᠠᠨ ᠰᠢᠷᠠᠯᠠᠬᠤ ᠪᠤᠶᠤ ᠬᠠᠷᠠᠯᠠᠳᠠᠭ᠃ ᠥᠪᠡᠷ ᠢᠶᠠᠨ ᠬᠤᠳᠠᠯᠳᠤᠨ ᠠᠪᠬᠤ ᠳᠠᠭᠠᠨ᠂ ᠴᠠᠭᠠᠨ ᠥᠩᠭᠡ ᠶᠢ ᠰᠣᠩᠭᠤᠪᠠᠯ ᠰᠠᠶᠢᠨ ;    4᠂ ᠠᠪᠳᠠᠷ᠎ᠠ ᠬᠤᠷᠭᠤ ᠶᠢ ᠢᠯᠡᠭᠦᠬᠡᠨ ᠪᠡᠯᠡᠳᠬᠡᠵᠦ ᠬᠢᠬᠦ᠃ ᠤᠯᠠᠨᠬᠭᠢ ᠬᠥᠮᠥᠰ ᠭᠡᠷ ᠢᠶᠠᠨ ᠵᠠᠰᠠᠵᠤ ᠴᠢᠮᠡᠭᠯᠡᠬᠦ ᠳᠡᠭᠡᠨ ᠭᠤᠶᠣ ᠰᠠᠶᠢᠬᠠᠨ ᠢ ᠢᠯᠡᠭᠦᠦ ᠬᠥᠭᠡᠭᠡᠴᠡᠯᠳᠦᠵᠦ᠂ ᠬᠤᠷᠢᠶᠠᠵᠤ ᠬᠠᠳᠠᠭᠠᠯᠠᠬᠤ ᠶᠢ ᠳᠡᠮᠡᠢ ᠴᠢᠬᠤᠯᠠᠴᠢᠯᠠᠬᠤ ᠦᠭᠡᠢ ᠪᠠᠶᠢᠳᠠᠭ᠃ ᠬᠤᠵᠢᠮ ᠨᠢ ᠠᠮᠢᠳᠤᠷᠠᠨ ᠰᠠᠭᠤᠬᠤ ᠪᠠᠷ ᠶᠠᠭᠤᠮ᠎ᠠ ᠬᠡᠦᠮ᠎ᠡ ᠶᠠᠪᠤᠬᠤ ᠲᠤᠲᠤᠮ ᠣᠯᠠᠰᠢᠷᠠᠵᠤ᠂ ᠬᠤᠷᠢᠶᠠᠵᠤ ᠬᠠᠳᠠᠭᠠᠯᠠᠬᠤ ᠠᠪᠳᠠᠷ᠎ᠠ ᠬᠤᠷᠭᠤ ᠴᠥᠭᠡᠨ ᠠᠴᠠ ᠪᠣᠯᠵᠤ᠂ ᠡᠮᠬᠢ ᠳᠢᠭᠯᠢᠮ ᠦᠭᠡᠢ ᠪᠤᠯᠳᠠᠭ᠃    ︵ᠡᠬᠡ ᠪᠢᠴᠢᠭ ᠢ ᡁᠢ ᠬᠤ᠋ ᠰᠦᠯᠵᠢᠶᠡᠨ ᠠᠴᠠ ᠣᠷᠴᠢᠭᠤᠯᠪᠠ︶
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ