| | ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ᠃ ᠥᠷᠥᠭᠡᠨ ᠳᠣᠲᠣᠷ᠎ᠠ ᠨᠢᠭᠡ ᠯᠡ ᠭᠤᠳᠣᠯᠢ ᠲᠠᠮᠠᠬᠢ ᠲᠠᠲᠠᠭᠰᠠᠨ ᠴᠤ ᠴᠣᠩᠬᠤ ᠪᠠᠨ ᠨᠡᠭᠡᠭᠡᠵᠦ 16 ᠴᠠᠭ | ᠰᠠᠯᠬᠢ ᠨᠡᠪᠲᠡᠷᠡᠭᠦᠯᠪᠡᠯ ᠰᠠᠶ᠋ᠢ PM 2.5 ᠶᠢᠨ ᠥᠳᠬᠡᠴᠡ ᠶᠢ ᠤᠤᠯ ᠤᠨ ᠬᠡᠮᠵᠢᠶᠡᠨ ᠳᠤ ᠬᠦᠷᠭᠡᠵᠦ ᠳᠡᠶᠢᠯᠳᠡᠭ᠃ ᠴᠣᠩᠬᠤ ᠪᠠᠨ ᠨᠡᠭᠡᠭᠡᠵᠦ ᠰᠠᠯᠬᠢ | ᠨᠡᠪᠲᠡᠷᠡᠭᠦᠯᠬᠦ ᠠᠴᠠ ᠭᠠᠳᠠᠨ᠎ᠠ᠂ ᠭᠡᠷ ᠳᠣᠲᠣᠷ᠎ᠠ ᠪᠠᠰᠠ ᠨᠣᠭᠤᠭᠠᠨ ᠤᠷᠭᠤᠮᠠᠯ ᠲᠠᠯᠪᠢᠵᠤ ᠪᠣᠯᠣᠨ᠎ᠠ᠂ ᠴᠢᠬᠤᠯᠠ ᠲᠠᠢ ᠦᠶ᠎ᠡ ᠳᠤ ᠠᠭᠠᠷ ᠴᠡᠪᠡᠷᠰᠢᠭᠦᠯᠦᠭᠴᠢ ᠬᠡᠷᠡᠭᠯᠡᠵᠦ | ᠪᠣᠯᠣᠨ᠎ᠠ᠃ ᠴᠠᠭ ᠲᠤᠬᠠᠢ ᠳᠤᠨᠢ ᠤᠬᠢᠶᠠᠨ ᠴᠡᠪᠡᠷᠯᠡᠬᠦ᠃ ᠬᠡᠷᠪᠡ ᠳᠡᠷᠭᠡᠳᠡ ᠴᠢᠨᠢ ᠲᠠᠮᠠᠬᠢ ᠲᠠᠲᠠᠪᠠᠯ᠂ ᠲᠡᠷᠡ ᠣᠷᠴᠢᠨ ᠲᠣᠭᠤᠷᠢᠨ ᠳᠤ ᠤᠳᠠᠭᠠᠨ ᠬᠤᠭᠤᠴᠠᠭ᠎ᠠ | ᠪᠠᠶᠢᠵᠤ ᠪᠤᠯᠬᠤ ᠦᠭᠡᠢ᠂ ᠭᠡᠷ ᠲᠡᠭᠡᠨ ᠬᠠᠷᠢᠭᠰᠠᠨ ᠤ ᠳᠠᠷᠠᠭ᠎ᠠ ᠬᠤᠪᠴᠠᠰᠤ ᠪᠠᠨ ᠰᠣᠯᠢᠬᠤ ᠶᠢᠨ ᠬᠠᠮᠲᠤ ᠪᠡᠶ᠎ᠡ ᠪᠠᠨ ᠤᠬᠢᠶᠠᠬᠤ ᠬᠡᠷᠡᠭᠲᠡᠢ᠃ ᠲᠠᠮ ᠲᠠᠮᠠᠭᠢᠯᠠᠯᠳᠠ ᠳᠤ | ᠥᠷᠲᠥᠭᠰᠡᠨ ᠡᠳ᠋ ᠪᠣᠳᠠᠰ᠂ ᠵᠢᠱᠢᠶᠡᠯᠡᠪᠡᠯ ᠬᠤᠪᠴᠠᠰᠤ ᠬᠤᠨᠠᠷ᠂ ᠴᠣᠩᠬᠤᠨ ᠪᠦᠲᠡᠭᠡᠯᠭᠡ᠂ ᠬᠡᠪᠢᠰ᠂ ᠣᠷᠣ ᠶᠢᠨ ᠬᠡᠷᠡᠭᠰᠡᠯ ᠵᠡᠷᠭᠡ ᠶᠢ ᠴᠠᠭ ᠲᠤᠬᠠᠢ ᠳᠤᠨᠢ ᠰᠣᠯᠢᠪᠠᠯ | ᠰᠠᠶᠢᠨ᠃ | ᠵᠢᠮᠢᠰ ᠨᠣᠭᠤᠭ᠎ᠠ ᠢᠯᠡᠭᠦᠦ ᠢᠳᠡᠬᠦ᠃ ᠬᠤᠯᠤᠤᠪᠠᠩ ᠤᠨ ᠡᠳ᠋ ᠵᠢᠴᠢ ᠸᠢᠲ᠋ᠠᠮᠢᠨ C ᠡᠯᠪᠡᠭ ᠠᠭᠤᠯᠤᠭᠰᠠᠨ ᠰᠢᠨ᠎ᠡ ᠰᠣᠷᠭᠤᠭ ᠨᠣᠭᠤᠭ᠎ᠠ ᠵᠢᠮᠢᠰ ᠢ ᠢᠯᠡᠭᠦᠬᠡᠨ | ᠢᠳᠡᠵᠦ᠂ ᠵᠣᠬᠢᠬᠤ ᠬᠡᠮᠵᠢᠶᠡᠨ ᠤ ᠨᠣᠭᠤᠭᠠᠨ ᠴᠠᠢ ᠤᠤᠭᠤᠪᠠᠯ᠂ ᠪᠡᠶ᠎ᠡ ᠳᠤ ᠣᠷᠣᠭᠰᠠᠨ ᠲᠠᠮᠠᠬᠢᠨ ᠤ ᠬᠤᠣᠷ ᠬᠥᠨᠥᠭᠡᠯ ᠢ ᠪᠠᠭᠠᠰᠬᠠᠨ᠎ᠠ᠃ | ᠲᠠᠮᠠᠬᠢᠯᠠᠭᠴᠢ ᠠᠴᠠ ᠬᠤᠯᠠᠬᠠᠨ ᠪᠠᠢ᠃ ᠭᠡᠷ ᠠᠴᠠ ᠭᠠᠷᠪᠠᠯ ᠠᠯᠢ ᠴᠢᠳᠠᠬᠤ ᠪᠠᠷ ᠲᠠᠮᠠᠬᠢ ᠲᠠᠲᠠᠳᠠᠭ ᠲᠠᠯᠠᠪᠤᠷ ᠠᠴᠠ ᠬᠤᠯᠠ ᠪᠠᠶᠢᠵᠤ᠂ ᠢᠯᠠᠩᠭᠤᠶ᠎ᠠ ᠨᠢᠯᠬ᠎ᠠ | ᠬᠡᠦᠬᠡᠳ᠂ ᠵᠠᠯᠠᠭᠤᠴᠤᠳ ᠪᠠᠭᠠᠴᠤᠳ ᠵᠢᠴᠢ ᠡᠪᠡᠳᠴᠢᠨ ᠬᠠᠭᠤᠴᠢᠨ ᠲᠠᠢ ᠬᠥᠮᠥᠰ ᠣᠨᠴᠠᠭᠠᠢ ᠠᠩᠬᠠᠷᠬᠤ ᠬᠡᠷᠡᠭᠲᠡᠢ᠃ ᠭᠠᠳᠠᠭᠰᠢ ᠭᠠᠷᠴᠤ ᠵᠤᠭᠠᠴᠠᠬᠤ ᠳᠠᠭᠠᠨ᠂ | ᠠᠯᠢ ᠴᠢᠳᠠᠬᠤ ᠪᠠᠷ ᠲᠠᠮᠠᠬᠢ ᠦᠭᠡᠢ ᠭᠠᠵᠠᠷ ᠢᠶᠠᠷ ᠶᠠᠪᠤᠨ᠎ᠠ᠃ ᠲᠡᠷᠭᠡᠨ ᠳᠤ ᠰᠠᠭᠤᠬᠤ ᠦᠶᠡᠰ᠂ ᠲᠠᠮᠠᠬᠢ ᠦᠭᠡᠢ ᠸᠠᠭᠤᠨ ᠢ ᠰᠣᠩᠭᠤᠵᠤ᠂ ᠪᠠᠭᠤᠳᠠᠯ ᠳᠤ | ᠰᠠᠭᠤᠬᠤ ᠳᠠᠭᠠᠨ ᠲᠠᠮᠠᠬᠢ ᠦᠭᠡᠢ ᠦᠷᠦᠭᠡ ᠶᠢ ᠰᠣᠩᠭᠤᠭᠠᠷᠠᠢ᠃ | ᠲᠠᠮᠠᠬᠢᠨ ᠠᠴᠠ ᠲᠠᠲᠠᠭᠠᠯᠵᠠ ᠭᠡᠵᠦ ᠢᠳᠬᠠᠬᠤ᠃ ᠬᠡᠷᠪᠡ ᠵᠠᠶᠢᠯᠠᠬᠤ ᠶᠢᠨ ᠠᠷᠭ᠎ᠠ ᠦᠭᠡᠢ ᠪᠣᠯ ᠲᠠᠮᠠᠬᠢᠯᠠᠭᠴᠢ ᠳᠤ ᠣᠯᠠᠨ ᠨᠡᠶᠢᠲᠡ ᠶᠢᠨ ᠲᠠᠯᠠᠪᠤᠷ ᠲᠤ | ᠲᠠᠮᠠᠬᠢᠯᠠᠵᠤ ᠪᠤᠯᠬᠤ ᠦᠭᠡᠢ ᠭᠡᠳᠡᠭ ᠢ ᠰᠠᠨᠠᠭᠤᠯᠤᠨ᠎ᠠ᠃ ᠢᠳᠬᠠᠵᠤ ᠳᠡᠶᠢᠯᠭᠦ ᠦᠭᠡᠢ ᠦᠶᠡᠰ᠂ ᠲᠠ ᠬᠠᠤᠯᠢ ᠲᠣᠭᠲᠠᠭᠠᠯ ᠢᠶᠠᠷ ᠥᠪᠡᠷ ᠢ ᠪᠠᠨ ᠬᠠᠮᠠᠭᠠᠯᠠᠵᠤ ᠪᠣᠯᠣᠨ᠎ᠠ᠃ | | ᠪᠤᠰᠤᠳ ᠤᠨ ᠡᠷᠡᠭᠦᠯ ᠮᠡᠨᠳᠦ ᠶᠢᠨ ᠲᠥᠯᠥᠭᠡ᠂ ᠲᠠᠮᠠᠬᠢᠯᠠᠭᠴᠢᠳ ᠠᠳᠠᠭ ᠲᠠᠭᠠᠨ ᠭᠡᠷ ᠥᠷᠥᠭᠡᠨ ᠳᠤ ᠲᠠᠮᠠᠬᠢᠯᠠᠬᠤ ᠦᠭᠡᠢ ᠪᠠᠶᠢᠬᠤ ᠬᠡᠷᠡᠭᠲᠡᠢ᠃ | |