ᠮᠠᠨ ᠤ ᠣᠷᠣᠨ 358 ᠵᠦᠢᠯ ᠤᠨ ᠠᠷᠭ᠎ᠠ ᠬᠡᠮᠵᠢᠶ᠎ᠡ ᠠᠪᠴᠤ ᠣᠯᠠᠨ ᠲᠦᠮᠡᠨ ᠤ ᠡᠪᠡᠳᠴᠢᠨ ᠦᠵᠡᠭᠦᠯᠭᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2025/5/7
        ᠣᠶᠢᠷ᠎ᠠ ᠳᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠨᠢᠳᠤᠨᠤᠨ ᠮᠠᠨ ᠤ ᠣᠷᠣᠨ ᠣᠯᠠᠨ ᠲᠦᠮᠡᠨ ᠤ ᠡᠪᠡᠳᠴᠢᠨ ᠦᠵᠡᠭᠦᠯᠭᠦ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ 115 ᠡᠮᠴᠢᠯᠡᠭᠡᠨ ᠤ ᠪᠠᠶᠢᠭᠤᠯᠤᠮᠵᠢ ︽ᠢᠨᠲ᠋ᠧᠷ ᠰᠦᠯᠵᠢᠶ᠎ᠡ + ᠰᠤᠪᠢᠯᠠᠬᠤ ᠦᠢᠯᠡᠴᠢᠯᠡᠭᠡ︾ ᠶᠢᠨ ᠦᠷᠭᠦᠯᠵᠢᠯᠡᠯᠲᠦ ᠴᠢᠨᠠᠷᠲᠠᠢ 68 ᠲᠥᠷᠥᠯ ᠵᠦᠢᠯ ᠢ ᠬᠠᠩᠭᠠᠵᠤ᠂ ᠢᠨᠲ᠋ᠧᠷ ᠰᠦᠯᠵᠢᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠡᠮᠴᠢᠯᠡᠭᠰᠡᠨ ᠬᠥᠮᠥᠨ ᠤ ᠲᠤᠭ᠎ᠠ 54 ᠲᠦᠮᠡ ᠭᠠᠷᠤᠢ ᠬᠥᠮᠥᠨ ᠤᠳᠠᠭ᠎ᠠ ᠳᠤ ᠬᠦᠷᠴᠡᠢ᠃      ᠲᠠᠨᠢᠯᠴᠠᠭᠤᠯᠤᠭᠰᠠᠨ ᠢᠶᠠᠷ᠂ 2024 ᠣᠨ ᠳᠤ ᠮᠠᠨ ᠤ ᠣᠷᠣᠨ ᠨᠢᠭᠡᠨᠲᠡ ᠪᠦᠭᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠪᠦᠭᠦ ᠲᠠᠯ᠎ᠠ ᠪᠠᠷ ᠪᠦᠷᠬᠦᠭᠦᠯᠵᠦ᠂ ᠭᠦᠭᠡᠬᠤᠲᠠ᠂ ᠪᠤᠭᠤᠲᠤ᠂ ᠣᠷᠳᠣᠰ᠂ ᠦᠬᠠᠢ 4 ᠠᠶᠢᠮᠠᠭ ᠬᠤᠲᠠ ᠳᠦᠷᠰᠦᠲᠦ ᠡᠭᠦᠯᠡᠨ ᠰᠢᠰᠲ᠋ᠧᠮ ᠢ ᠪᠠᠶᠢᠷᠢᠯᠠᠭᠤᠯᠵᠤ᠂ 8 ᠠᠶᠢᠮᠠᠭ ᠬᠤᠲᠠ ᠪᠦᠷ ᠡᠷᠡᠭᠦᠯ ᠮᠡᠨᠳᠦ ᠶᠢᠨ ᠡᠯᠧᠺᠳ᠋ᠷᠣᠨ ᠳᠠᠩᠰᠠ ᠡᠪᠬᠡᠮᠡᠯ ᠢ ᠪᠠᠶᠢᠭᠤᠯᠵᠤ᠂ ᠰᠠᠭᠤᠭᠠᠯᠢ ᠠᠷᠠᠳ ᠲᠤ ᠵᠢᠷᠤᠮᠵᠢᠬᠰᠠᠨ ᠯᠠᠪᠯᠠᠭ᠎ᠠ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ ᠪᠦᠭᠦ ᠣᠷᠣᠨ ᠤ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢ ᠵᠢᠯᠤᠭᠤᠳᠴᠤ ᠪᠠᠶᠢᠭᠠᠳ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠡᠮᠨᠡᠯᠭᠡ ᠳᠤ ᠰᠠᠭᠤᠬᠤ ᠡᠮᠨᠡᠯᠭᠡ ᠠᠴᠠ ᠭᠠᠷᠬᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠦᠭᠦ ᠰᠢᠰᠲ᠋ᠧᠮ ᠤᠨ ᠳᠣᠲᠣᠷ᠎ᠠ ︽ᠡᠪᠡᠳᠴᠢᠨ ᠦᠵᠡᠭᠦᠯᠭᠦ ᠲᠥᠷᠥᠭᠳᠡᠯ ᠢ ᠰᠠᠶᠢᠵᠢᠷᠠᠭᠤᠯᠬᠤ︾ ᠪᠠ ︽ᠬᠡᠷᠪᠡ ᠪᠢ ᠨᠢᠭᠡ ᠡᠪᠡᠳᠴᠢᠲᠡᠨ ᠪᠣᠯᠤᠭᠰᠠᠨ ᠪᠣᠯ︾ ᠭᠡᠬᠦ ᠭᠤᠣᠯ ᠰᠡᠳᠦᠪᠲᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠭᠦ ᠶᠠᠪᠤᠴᠠ ᠪᠠᠷ ᠨᠢ ᠳᠠᠭᠠᠭᠤᠯᠤᠨ ᠵᠠᠮᠴᠢᠯᠠᠬᠤ ᠰᠠᠶᠢᠨ ᠳᠤᠷ᠎ᠠ ᠶᠢᠨ ᠦᠢᠯᠡᠴᠢᠯᠡᠭᠡ᠂ ᠣᠨᠣᠰᠢᠯᠠᠭ᠎ᠠ ᠶᠢᠨ ᠲᠠᠰᠤᠯᠭ᠎ᠠ ᠶᠢᠨ ᠳᠠᠰᠤᠯᠤᠨ ᠪᠣᠳᠣᠯᠲᠠ ᠵᠡᠷᠭᠡ ᠠᠷᠠᠳ ᠲᠤ ᠳᠥᠭᠦᠮ ᠦᠵᠡᠭᠦᠯᠭᠦ 358 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃       ᠡᠮᠴᠢᠯᠡᠭᠡᠨ ᠤ ᠰᠤᠷᠲᠠᠯ ᠤᠨ ᠪᠠᠶᠢᠭᠤᠯᠤᠯᠲᠠ ᠣᠯᠠᠨ ᠲᠦᠮᠡᠨ ᠤ ᠡᠪᠡᠳᠴᠢᠨ ᠦᠵᠡᠭᠦᠯᠭᠦ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠭᠦ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠡᠮ ᠡᠮᠨᠡᠯᠭᠡ ᠶᠢᠨ ᠬᠦᠷᠢᠶᠡᠨ ᠳᠠᠬᠢ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ 2988 ᠠᠰᠠᠭᠤᠳᠠᠯ ᠢ ᠵᠢᠭᠰᠠᠭᠠᠨ ᠪᠠᠶᠢᠴᠠᠭᠠᠵᠤ᠂ 1793 ᠵᠦᠢᠯ ᠤᠨ ᠬᠤᠯᠪᠣᠭᠳᠠᠯ ᠪᠦᠬᠦᠢ ᠳᠦᠷᠢᠮ ᠢ ᠲᠣᠭᠲᠠᠭᠠᠨ ᠲᠡᠭᠦᠯᠳᠡᠷᠵᠢᠭᠦᠯᠪᠡ᠃ ᠡᠭᠦᠨ ᠠᠴᠠ ᠭᠠᠳᠠᠨ᠎ᠠ ᠪᠦᠭᠦ ᠣᠷᠣᠨ ᠤ 50 ᠡᠮᠨᠡᠯᠭᠡ ᠶᠢᠨ ᠬᠤᠷᠢᠶ᠎ᠠ ᠳᠤ ᠪᠦᠭᠦ ᠲᠠᠯ᠎ᠠ ᠪᠠᠷ ᠲᠣᠭᠤᠷᠢᠨ ᠪᠠᠶᠢᠴᠠᠭᠠᠯᠲᠠ ᠥᠷᠨᠢᠭᠦᠯᠵᠦ᠂ ᠡᠷᠡᠭᠦᠯ ᠬᠠᠮᠠᠭᠠᠯᠠᠯ ᠤᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠠᠬᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠭᠦ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠭᠰᠡᠨ ᠪᠠᠶᠢᠨ᠎ᠠ᠃ 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ