ᠨᠢᠭᠡᠳᠦᠭᠡᠷ ᠤᠯᠠᠷᠢᠯ ᠳᠠᠬᠢ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠠ ᠠᠶᠠᠨᠴᠢᠳ ᠢ ᠵᠥᠭᠡᠭᠡᠪᠦᠷᠢᠯᠡᠭᠰᠡᠨ ᠬᠡᠮᠵᠢᠶ᠎ᠡ ︽ᠰᠠᠶᠢᠨ ᠡᠬᠢᠯᠡᠯᠲᠡ︾ ᠲᠠᠢ ᠪᠣᠯᠪᠠ
ᠨᠡᠶᠢᠲᠡᠯᠡᠭᠰᠡᠨ ᠴᠠᠭ᠄
2025/5/7
        ᠨᠢᠭᠡᠳᠦᠭᠡᠷ ᠤᠯᠠᠷᠢᠯ ᠳᠠᠬᠢ ᠮᠠᠨ ᠤ ᠣᠷᠣᠨ ᠤ ᠬᠢᠯᠢ ᠶᠢᠨ ᠪᠣᠭᠤᠮᠲᠠ ᠶᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠠ ᠠᠶᠠᠨᠴᠢᠳ ᠢ ᠵᠥᠭᠡᠭᠡᠪᠦᠷᠢᠯᠡᠭᠰᠡᠨ ᠬᠡᠮᠵᠢᠶ᠎ᠡ ︽ᠰᠠᠶᠢᠨ ᠡᠬᠢᠯᠡᠯᠲᠡ︾ ᠲᠠᠢ ᠪᠣᠯᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠠᠴᠠ ᠬᠤᠳᠠᠯᠳᠤᠭᠠᠨ ᠤ ᠶᠠᠪᠤᠳᠠᠯ ᠪᠠ ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠭᠤᠣᠯᠳᠠᠯᠭ᠎ᠠ ᠪᠣᠯᠬᠤ 10 ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠷ ᠲᠣᠬᠢᠷᠠᠭᠤᠯᠪᠠ︔ ᠮᠠᠨᠵᠤᠤᠷ᠂ ᠡᠷᠢᠶᠡᠨ ᠬᠤᠲᠠ ᠶᠢᠨ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠭᠤᠣᠯᠳᠠᠯᠭ᠎ᠠ ᠪᠣᠯᠬᠤ ᠲᠤᠷᠰᠢᠯᠲᠠ ᠶᠢᠨ ᠲᠣᠭᠤᠷᠢᠭ ᠲᠤ ᠲᠤᠰᠬᠠᠢ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠲᠣᠬᠢᠷᠠᠭᠤᠯᠵᠤ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠪᠣᠯᠣᠨ᠎ᠠ᠃       ᠨᠢᠭᠡᠳᠦᠭᠡᠷ ᠤᠯᠠᠷᠢᠯ ᠳᠠᠬᠢ ᠮᠠᠨ ᠤ ᠣᠷᠣᠨ ᠤ ᠬᠢᠯᠢ ᠶᠢᠨ ᠪᠣᠭᠤᠮᠲᠠ ᠪᠠᠷ ᠣᠷᠣᠵᠤ ᠭᠠᠷᠤᠭᠰᠠᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 2985.28 ᠲᠦᠮᠡᠨ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠨ᠂ ᠬᠢᠯᠢ ᠪᠠᠷ ᠣᠷᠣᠵᠤ ᠭᠠᠷᠤᠭᠰᠠᠨ ᠠᠶᠠᠨᠴᠢᠳ ᠢ ᠵᠥᠭᠡᠭᠡᠪᠦᠷᠢᠯᠡᠭᠰᠡᠨ ᠬᠡᠮᠵᠢᠶ᠎ᠡ 179.63 ᠲᠦᠮᠡᠨ ᠬᠥᠮᠥᠨ ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 82.8% ᠪᠠᠷ ᠨᠡᠮᠡᠭᠳᠡᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ 3 ᠲᠣᠭᠤᠷᠢᠭ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠥᠷᠲᠡᠭ ᠨᠢ 55.7 ᠳ᠋ᠦᠩᠰᠢᠭᠤᠷ ᠲᠥᠭᠦᠷᠢᠭ ᠤᠨ ᠵᠢᠱᠢᠯᠲᠡ ᠳᠤ ᠪᠠᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 28.6 % ᠪᠠᠷ ᠨᠡᠮᠡᠭᠳᠡᠭᠰᠡᠨ ᠪᠠᠶᠢᠨ᠎ᠠ᠃ ︵ᠬᠤᠳᠠᠯᠳᠤᠭᠠᠨ ᠤ ᠶᠠᠪᠤᠳᠠᠯ ᠤᠨ ᠲᠢᠩᠬᠢᠮ︶ 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ