- ᠭᠦᠭᠡᠬᠤᠳᠠ ᠶᠢᠨ ᠡᠯ᠎ᠡ ᠰᠤᠷᠭᠠᠭᠤᠯᠢ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ | ᠰᠤᠷᠭᠠᠭᠤᠯᠢ ᠶᠢᠨ ᠬᠦᠷᠢᠶᠡᠨ ᠤ ᠨᠣᠮ ᠤᠩᠰᠢᠯᠭ᠎ᠠ ᠶᠢᠨ ᠨᠠᠶᠢᠷ᠂ ᠡᠴᠢᠭᠡ ᠡᠬᠡ ᠦᠷ᠎ᠡ ᠬᠡᠦᠬᠡᠳ ᠤᠨ ᠨᠣᠮ ᠤᠩᠰᠢᠯᠭ᠎ᠠ ᠶᠢᠨ ᠦᠵᠡᠭᠦᠯᠭᠡ᠂ ᠪᠠᠭᠰᠢ | ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠁ ᠭᠤᠴᠢᠳᠠᠭᠢ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠪᠠᠷ ᠭᠦᠭᠡᠬᠤᠲᠠ ᠶᠢᠨ | ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠯᠠᠨ ᠭᠡᠯᠪᠡᠷᠢ ᠶᠢᠨ ︽ᠳᠡᠯᠡᠬᠡᠢ ᠶᠢᠨ ᠨᠣᠮ ᠤᠩᠰᠢᠬᠤ ᠡᠳᠦᠷ︾ ᠤᠨ ᠭᠤᠣᠯ ᠰᠡᠳᠦᠪᠲᠦ ᠰᠢᠷᠢᠰ | ᠠᠵᠢᠯᠯᠠᠭ᠎ᠠ ᠥᠷᠨᠢᠭᠦᠯᠵᠦ᠂ ᠭᠦᠭᠡᠬᠤᠳᠠ ᠶᠢᠨ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠵᠤ᠂ ᠪᠠᠭᠰᠢ ᠨᠠᠷ ᠤᠨ | ᠤᠩᠰᠢᠯᠭ᠎ᠠ ᠶᠢᠨ ᠵᠢᠯᠣᠭᠤᠳᠤᠯᠭ᠎ᠠ ᠪᠠ ᠵᠠᠯᠠᠭᠤᠴᠤᠳ ᠪᠠᠭᠠᠴᠤᠳ ᠤᠨ ᠨᠣᠮ ᠤᠩᠰᠢᠯᠭ᠎ᠠ ᠶᠢᠨ ᠤᠷᠮ᠎ᠠ ᠶᠢ ᠬᠥᠭᠵᠢᠭᠡᠵᠦ᠂ ᠪᠦᠭᠦ ᠠᠷᠠᠳ ᠤᠨ ᠨᠣᠮ ᠤᠩᠰᠢᠯᠭ᠎ᠠ ᠶᠢᠨ | ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ ᠪᠠᠶᠢᠨ᠎ᠠ᠃ | | | | ᠨᠣᠮ ᠤᠩᠰᠢᠨ᠎ᠠ | ᠨᠣᠮ ᠤᠩᠰᠢᠯᠭ᠎ᠠ ᠤᠶᠤᠨ ᠢ ᠭᠡᠭᠡᠷᠡᠭᠦᠯᠵᠦ ᠤᠬᠠᠭᠠᠨ ᠢ ᠰᠠᠷᠠᠭᠤᠯᠵᠢᠭᠤᠯᠤᠨ᠎ᠠ᠃ 4 ᠰᠠᠷ᠎ᠠ ᠶᠢᠨ ᠡᠬᠢ ᠪᠠᠷ ᠭᠦᠭᠡᠬᠤᠳᠠ ᠶᠢᠨ ᠴᠥᠭᠡᠨ ᠪᠤᠰᠤ ᠰᠤᠷᠭᠠᠭᠤᠯᠢ | ᠰᠤᠷᠭᠠᠭᠤᠯᠢ ᠶᠢᠨ ᠬᠦᠷᠢᠶᠡᠨ ᠤ ᠨᠣᠮ ᠤᠩᠰᠢᠯᠭ᠎ᠠ ᠶᠢᠨ ᠠᠵᠢᠯᠯᠠᠭ᠎ᠠ ᠪᠠᠨ ᠡᠬᠢᠯᠡᠭᠦᠯᠵᠡᠢ᠃ ᠭᠦᠭᠡᠬᠤᠳᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ︽ᠨᠣᠮ | ᠪᠢᠴᠢᠭ ᠤᠶᠤᠨ ᠤᠬᠠᠭᠠᠨ ᠢ ᠤᠮᠳᠠᠯᠠᠵᠤ ᠠᠮᠢᠳᠤᠷᠠᠯ ᠢ ᠭᠡᠭᠡᠷᠡᠭᠦᠯᠦᠨ᠎ᠡ︾ ᠭᠤᠣᠯ ᠰᠡᠳᠦᠪᠲᠦ ᠨᠣᠮ ᠤᠩᠰᠢᠯᠭ᠎ᠠ ᠶᠢᠨ ᠰᠠᠷ᠎ᠠ ᠶᠢᠨ ᠠᠵᠢᠯᠯᠠᠭ᠎ᠠ ᠡᠬᠢᠯᠡᠭᠦᠯᠵᠦ᠂ ᠣᠨ | ᠨᠢᠭᠡᠴᠢ ᠬᠤᠪᠢᠶᠠᠨ ᠨᠣᠮ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠨᠣᠮ ᠤᠨ ᠰᠠᠩ ᠤᠨ ᠨᠣᠮ ᠢᠶᠠᠨ ᠰᠢᠨᠡᠳᠬᠡᠵᠦ᠂ ᠨᠣᠮ ᠤᠩᠰᠢᠯᠭ᠎ᠠ ᠶᠢᠨ ᠦᠢᠯᠡᠴᠢᠯᠡᠭᠡ ᠪᠠᠨ | ᠰᠠᠶᠢᠵᠢᠷᠠᠭᠤᠯᠪᠠ᠃ ᠰᠢᠨ᠎ᠡ ᠬᠤᠳᠠ ᠲᠣᠭᠤᠷᠢᠭ ᠤᠨ ᠪᠧᠢ ᠶᠤᠸᠠᠨ ᠪᠠᠭ᠎ᠠ ᠰᠤᠷᠭᠠᠭᠤᠯᠢ ᠶᠢᠨ ᠰᠢᠨ ᠶᠠ ᠰᠤᠷᠭᠠᠭᠤᠯᠢ ᠶᠢᠨ ᠲᠣᠭᠤᠷᠢᠭ ᠤᠨ ᠬᠢᠨ ᠰᠠᠶᠢᠨ ᠨᠣᠮ | ᠲᠠᠨᠢᠯᠴᠠᠭᠤᠯᠤᠭᠴᠢ᠂ ᠡᠴᠢᠭᠡ ᠡᠬᠡ ᠦᠷ᠎ᠡ ᠬᠡᠦᠬᠡᠳ ᠤᠨ ᠬᠠᠮᠲᠤ ᠶᠢᠨ ᠨᠣᠮ ᠤᠩᠰᠢᠯᠭ᠎ᠠ᠂ ᠬᠢᠲᠠᠳ ᠦᠰᠦᠭ ᠰᠣᠨᠣᠰᠴᠤ ᠪᠢᠴᠢᠬᠦ ᠤᠷᠤᠯᠳᠤᠭᠠᠨ᠂ | ᠬᠤᠪᠢᠰᠬᠠᠯ ᠤᠨ ᠦᠯᠢᠭᠡᠷ ᠶᠠᠷᠢᠬᠤ ᠤᠷᠤᠯᠳᠤᠭᠠᠨ᠂ ᠰᠣᠩᠭᠤᠳᠠᠭ ᠤᠩᠰᠢᠯᠭ᠎ᠠ ᠶᠢᠨ ᠦᠵᠡᠭᠦᠯᠭᠡ ᠵᠢᠴᠢ ᠨᠣᠮ ᠪᠢᠴᠢᠭ ᠤᠨ ᠵᠢᠷᠤᠮ ᠤᠨ ᠬᠤᠳᠠᠯᠳᠤᠭ᠎ᠠ ᠶᠢᠨ | ᠴᠤᠭᠯᠠᠭ᠎ᠠ ᠵᠡᠷᠭᠡ ᠨᠣᠮ ᠤᠩᠰᠢᠬᠤ ᠰᠠᠷ᠎ᠠ ᠶᠢᠨ 6 ᠵᠦᠢᠯ ᠤᠨ ᠣᠨᠴᠠᠯᠢᠭᠲᠤ ᠠᠵᠢᠯᠯᠠᠭ᠎ᠠ ᠲᠥᠰᠥᠪᠯᠡᠵᠦ᠂ ᠰᠤᠷᠤᠬᠴᠢᠳ ᠤᠨ ᠨᠣᠮ ᠪᠢᠴᠢᠭ ᠢᠶᠠᠨ ᠬᠠᠶᠢᠷᠠᠯᠠᠬᠤ᠂ | ᠨᠣᠮ ᠤᠩᠰᠢᠬᠤ ᠳᠤᠷᠠᠲᠠᠢ ᠪᠤᠯᠬᠤ ᠶᠢ ᠬᠥᠲᠥᠯᠥᠨ ᠵᠢᠯᠣᠭᠤᠳᠴᠠᠢ᠃ ᠰᠢᠨ᠎ᠡ ᠬᠤᠲᠠ ᠲᠣᠭᠤᠷᠢᠭ ᠤᠨ ᠮᠠᠨᠵᠤ ᠦᠨᠳᠦᠰᠦᠲᠡᠨ ᠤ ᠪᠠᠭ᠎ᠠ ᠰᠤᠷᠭᠠᠭᠤᠯᠢ ︽ᠰᠣᠷᠣᠬᠴᠢ | ᠨᠢᠭᠡᠪᠦᠷᠢ ᠭᠡᠷᠡᠯ ᠭᠢᠯᠪᠠᠭ᠎ᠠ ᠪᠠᠨ ᠰᠠᠴᠤᠷᠠᠭᠤᠯᠬᠤ︾ ᠰᠤᠷᠭᠠᠭᠤᠯᠢ ᠡᠷᠭᠢᠯᠡᠭᠦ ᠣᠶᠢᠯᠠᠭᠠᠭᠳᠠᠬᠤᠨ ᠢᠶᠠᠷ ᠴᠢᠨᠠᠷ ᠰᠠᠶᠢᠲᠠᠢ ᠤᠩᠰᠢᠯᠭ᠎ᠠ ᠪᠠᠷ ᠭᠤᠣᠯᠯᠠᠬᠤ ᠬᠡᠪ | ᠪᠣᠯᠪᠠᠰᠤᠷᠠᠯ ᠢ ᠬᠥᠮᠥᠵᠢᠭᠦᠯᠬᠦ ᠨᠢᠭᠤᠴᠠ ᠲᠦᠯᠬᠢᠭᠦᠷ ᠪᠤᠯᠭᠠᠬᠤ ᠰᠤᠷᠭᠠᠭᠤᠯᠢ ᠶᠢᠨ ᠬᠦᠷᠢᠶᠡᠨ ᠤ ᠤᠩᠰᠢᠯᠭ᠎ᠠ ᠶᠢᠨ ᠰᠢᠨ᠎ᠡ ᠠᠮᠢ ᠠᠬᠤᠢ ᠶᠢ ᠪᠤᠢ ᠪᠣᠯᠭᠠᠪᠠ᠃ ︽ | ᠪᠢᠴᠢᠭ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶ᠎ᠡ︾ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ | ᠠᠮᠢᠰᠬᠤᠯ ᠢ ᠰᠠᠶᠢᠵᠢᠷᠠᠭᠤᠯᠪᠠ᠃ ᠲᠦᠷᠦᠯ ᠵᠦᠢᠯ ᠢᠶᠠᠷ ᠬᠥᠳᠡᠯᠭᠡᠭᠦᠷ ᠪᠤᠯᠭᠠᠵᠤ᠂ ᠪᠦᠭᠦ ᠬᠡᠯᠬᠢᠶ᠎ᠡ ᠶᠢᠨ ᠨᠣᠮ ᠤᠩᠰᠢᠯᠭ᠎ᠠ ᠶᠢᠨ ᠰᠢᠰᠲ᠋ᠧᠮ ᠢ ᠪᠠᠶᠢᠭᠤᠯᠵᠤ᠂ 5 | ᠲᠣᠮᠣ ᠲᠦᠷᠦᠯ ᠵᠦᠢᠯ ᠢᠶᠠᠷ ᠤᠩᠰᠢᠯᠭ᠎ᠠ ᠶᠢᠨ ᠴᠠᠭᠠᠷᠢᠭ ᠢ ᠪᠦᠷᠢᠯᠳᠦᠭᠦᠯᠪᠡ᠄ ︽ᠥᠷᠯᠥᠭᠡ ᠦᠳᠡ ᠶᠢᠨ ᠤᠩᠰᠢᠯᠭ᠎ᠠ + ᠬᠢᠴᠢᠶᠡᠯ ᠠᠴᠠ ᠡᠮᠦᠨᠡᠬᠢ ᠭᠤᠷᠪᠠᠨ | ᠮᠢᠨᠦ᠋ᠲ︾ ᠤᠨ ᠤᠩᠰᠢᠯᠭ᠎ᠠ ᠪᠠᠷ ᠳᠠᠳᠬᠠᠯ ᠢ ᠬᠥᠮᠥᠵᠢᠭᠦᠯᠪᠡ ; ᠱᠠᠲᠤᠯᠢᠭ ᠤᠩᠰᠢᠯᠭ᠎ᠠ ᠶᠢᠨ ᠭᠠᠷ ᠳᠡᠪᠲᠡᠷ ᠢ ᠰᠤᠳᠤᠯᠤᠨ ᠨᠡᠭᠡᠭᠡᠵᠦ᠂ ᠪᠠᠭᠰᠢ ᠰᠣᠷᠣᠬᠴᠢ ᠶᠢᠨ | ᠬᠠᠮᠲᠤ ᠪᠠᠷ ᠤᠩᠰᠢᠬᠤ ᠰᠢᠰᠲ᠋ᠧᠮ ᠢ ᠪᠠᠶᠢᠭᠤᠯᠪᠠ ; ︽ᠬᠢᠲᠠᠳ ᠬᠡᠯᠡᠨ ᠤ ᠰᠣᠨᠣᠰᠴᠤ ᠪᠢᠴᠢᠬᠦ ᠤᠷᠤᠯᠳᠤᠭᠠᠨ + ᠰᠢᠯᠦᠭ ᠳᠠᠭᠤᠯᠠᠯ ᠤᠨ ᠨᠠᠶᠢᠷ + ᠰᠢᠯᠦᠭ | ᠵᠣᠬᠢᠶᠠᠯ ᠤᠨ ᠤᠩᠰᠢᠯᠭ᠎ᠠ︾ ᠶᠢᠨ ᠣᠯᠠᠨ ᠡᠰᠢᠲᠦ ᠦᠵᠡᠭᠦᠯᠭᠡ ᠶᠢᠨ ᠲᠠᠪᠴᠠᠩ ᠢ ᠪᠠᠶᠢᠭᠤᠯᠵᠤ᠂ ᠰᠤᠷᠤᠬᠴᠢᠳ ᠲᠤ ᠥᠪᠡᠷ ᠢ ᠪᠠᠨ ᠳᠡᠯᠭᠡᠨ ᠦᠵᠡᠭᠦᠯᠭᠦ ᠲᠠᠪᠴᠠᠩ | ᠬᠠᠩᠭᠠᠪᠠ ; ︽ᠵᠢᠵᠢᠭ ᠬᠤᠳᠠᠯᠳᠤᠭ᠎ᠠ ᠮᠠᠶᠢᠮᠠᠢ︾ ᠶᠢᠨ ᠠᠵᠢᠯᠯᠠᠭ᠎ᠠ ᠪᠠᠷ ᠰᠤᠷᠤᠬᠴᠢᠳ ᠤᠨ ᠦᠰᠦᠨ ᠪᠤᠶᠢᠵᠢᠯᠳᠠ ᠶᠢ ᠠᠬᠢᠭᠤᠯᠪᠠ᠃ ᠬᠢᠴᠢᠶᠡᠯ ᠤᠨ ᠲᠠᠩᠬᠢᠮ ᠢ | ᠰᠣᠶᠣᠯ ᠤᠨ ᠲᠠᠯᠠᠪᠤᠷ ᠣᠷᠳᠣᠨ ᠳᠤ ᠨᠡᠭᠦᠯᠭᠡᠵᠦ᠂ ᠤᠩᠰᠢᠯᠭ᠎ᠠ ᠶᠢ ᠠᠮᠢᠳᠤᠷᠠᠯ ᠳᠤ ᠠᠭᠤᠰᠬᠠᠵᠤ᠂ ᠤᠯᠠᠨ ᠰᠢᠨᠵᠢᠯᠡᠭᠡᠨ ᠤ ᠰᠠᠯᠠᠭ᠎ᠠ ᠶᠢᠨ ᠰᠡᠳᠬᠢᠬᠦᠢ ᠶᠢ | ᠭᠦᠮᠦᠵᠢᠭᠦᠯᠪᠡ ; ᠪᠦᠭᠦ ᠴᠠᠭ ᠬᠤᠭᠤᠴᠠᠭ᠎ᠠ ᠣᠷᠣᠨ ᠵᠠᠢ᠂ ᠪᠦᠭᠦ ᠭᠤᠣᠯ ᠴᠣᠭᠴᠠ ᠶᠢᠨ ᠤᠩᠰᠢᠯᠭ᠎ᠠ ᠶᠢᠨ ᠠᠬᠤᠢ ᠪᠠᠶᠢᠳᠠᠯ ᠢ ᠪᠤᠢ ᠪᠤᠯᠭᠠᠬᠤ ᠪᠠᠷ ᠳᠠᠮᠵᠢᠨ | ᠤᠩᠰᠢᠯᠭ᠎ᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠦᠨ᠎ᠡ᠃ | ᠰᠤᠷᠭᠠᠭᠤᠯᠢ ᠶᠢᠨ ᠬᠦᠷᠢᠶᠡᠨ ᠤ ᠨᠣᠮ ᠤᠩᠰᠢᠯᠭ᠎ᠠ ᠶᠢᠨ ᠠᠵᠢᠯᠯᠠᠭ᠎ᠠ ᠠᠴᠠ ᠭᠠᠳᠠᠨ᠎ᠠ᠂ ᠴᠥᠭᠡᠨ ᠪᠤᠰᠤ ᠰᠤᠷᠭᠠᠭᠤᠯᠢ ᠪᠠᠰᠠ ᠭᠡᠷ ᠤᠨ ᠠᠬᠠᠮᠠᠳ ᠲᠤ ︽ᠭᠡᠷ | ᠪᠦᠯᠢ ᠶᠢᠨ ᠤᠩᠰᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠲᠠᠷᠬᠠᠭᠠᠬᠤ ᠶᠢᠨ ᠬᠠᠮᠲᠤ ᠭᠡᠷ ᠪᠦᠯᠢ ᠶᠢᠨ ᠬᠠᠮᠲᠤ ᠶᠢᠨ ᠤᠩᠰᠢᠯᠭ᠎ᠠ ᠶᠢᠨ ᠦᠵᠡᠭᠦᠯᠭᠡ ᠶᠢᠨ | ᠠᠵᠢᠯᠯᠠᠭ᠎ᠠ ᠥᠷᠨᠢᠭᠦᠯᠵᠦ᠂ ᠪᠢᠴᠢᠭ ᠤᠨ ᠰᠤᠷᠪᠤᠯᠵᠢᠲᠤ ᠭᠡᠷ ᠪᠦᠯᠢ ᠶᠢ ᠰᠢᠯᠭᠠᠷᠠᠭᠤᠯᠵᠤ᠂ ᠭᠡᠷ ᠤᠨ ᠠᠬᠠᠮᠠᠳ ᠢ ᠬᠥᠲᠥᠯᠥᠨ ᠵᠢᠯᠤᠭᠤᠳᠴᠤ ᠭᠠᠷ ᠤᠲᠠᠰᠤ ᠶᠢ ᠨᠢ | ᠬᠠᠶᠠᠭᠤᠯᠤᠨ ᠨᠣᠮ ᠪᠢᠴᠢᠭ ᠦᠵᠡᠭᠦᠯᠵᠦ᠂ ᠬᠡᠦᠬᠡᠳ ᠤᠨ ᠤᠩᠰᠢᠯᠭ᠎ᠠ ᠶᠢᠨ ᠳᠠᠭᠤᠷᠢᠶᠠᠯ ᠪᠣᠯᠭᠠᠵᠠᠢ᠃ ᠰᠠᠶᠢᠬᠠᠨ ᠲᠣᠭᠤᠷᠢᠭ ᠤᠨ ᠶᠡᠭᠡ ᠰᠤᠷᠭᠠᠭᠤᠯᠢ ᠵᠠᠮ ᠤᠨ | ᠪᠠᠭ᠎ᠠ ᠰᠤᠷᠭᠠᠭᠤᠯᠢ ︽ᠭᠡᠷ ᠪᠦᠯᠢ ᠪᠠ ᠰᠤᠷᠭᠠᠭᠤᠯᠢ ᠶᠢᠨ ᠬᠠᠮᠲᠤ ᠶᠢᠨ ᠨᠣᠮ ᠤᠩᠰᠢᠯᠭ᠎ᠠ ᠪᠠᠷ ᠬᠥᠮᠥᠵᠢᠭᠦᠯᠬᠦ ᠠᠶᠠᠯᠠᠯ︾ ᠤᠨ ᠠᠵᠢᠯᠯᠠᠭ᠎ᠠ ᠬᠢᠵᠦ᠂ ︽ᠨᠠᠰᠤᠨ | ᠲᠤᠷᠰᠢᠲᠠ ᠶᠢᠨ ᠦᠰᠦᠨ ᠪᠦᠢᠵᠢᠯᠳᠠ ᠶᠢ ᠤᠩᠰᠢᠯᠭ᠎ᠠ ᠪᠠᠷ ᠨᠥᠯᠥᠭᠡᠯᠡᠬᠦ︾ ᠭᠤᠣᠯ ᠰᠡᠳᠦᠪ ᠤᠨ ᠲᠣᠭᠤᠷᠢᠨ ᠳᠤ᠂ ᠭᠡᠷ ᠪᠦᠯᠢ ᠪᠠ ᠰᠤᠷᠭᠠᠭᠤᠯᠢ ᠶᠢᠨ ᠬᠠᠮᠲᠤ ᠶᠢᠨ | ᠤᠩᠰᠢᠯᠭ᠎ᠠ ᠶᠢᠨ ᠲᠥᠰᠥᠯ ᠢ ᠨᠠᠷᠢᠨ ᠲᠠᠶᠢᠯᠪᠤᠷᠢᠯᠠᠬᠤ ᠶᠢᠨ ᠬᠠᠮᠲᠤ ᠣᠨ ᠨᠢᠭᠡᠴᠢ ᠬᠤᠪᠢᠶᠠᠭᠰᠠᠨ ᠨᠣᠮ ᠤᠨ ᠭᠠᠷᠴᠠᠭ ᠢ ᠨᠡᠶᠢᠲᠡᠯᠡᠵᠡᠢ᠃ ᠭᠡᠷ ᠤᠨ ᠠᠬᠠᠮᠠᠳ ᠴᠤ | ᠥᠪᠡᠷᠮᠢᠴᠡ ᠣᠨᠴᠠᠯᠢᠭ ᠲᠠᠢ ︽ᠭᠡᠷ ᠪᠦᠯᠢ ᠶᠢᠨ ᠤᠩᠰᠢᠯᠭ᠎ᠠ ᠶᠢᠨ ᠲᠥᠯᠥᠪᠯᠡᠭᠡ︾ ᠲᠣᠭᠲᠠᠭᠠᠵᠤ᠂ ᠤᠩᠰᠢᠯᠭ᠎ᠠ ᠶᠢ ᠭᠡᠷ ᠪᠦᠯᠢ ᠶᠢᠨ ᠠᠮᠢᠳᠤᠷᠠᠯ ᠳᠠᠭᠠᠨ | ᠠᠭᠤᠰᠬᠠᠵᠤ ᠭᠡᠷ ᠪᠦᠯᠢ ᠶᠢᠨ ᠪᠦᠷᠢᠯᠳᠦᠭᠦᠨ ᠨᠢᠭᠡᠪᠦᠷᠢ ᠶᠢᠨ ᠣᠶᠤᠨ ᠤᠬᠠᠭᠠᠨ ᠳᠤ ᠨᠣᠮ ᠤᠨ ᠭᠡᠭᠡ ᠲᠣᠳᠣᠷᠠᠭᠤᠯᠪᠠ᠃ | ︽ᠭᠦᠭᠡᠬᠤᠲᠠ ᠶᠢᠨ ᠣᠶᠤᠨᠴᠢ ᠤᠩᠰᠢᠯᠭ᠎ᠠ︾ ᠭᠤᠣᠯ ᠰᠡᠳᠦᠪᠲᠦ ᠨᠣᠮ ᠤᠩᠰᠢᠯᠭ᠎ᠠ ᠶᠢᠨ ᠠᠵᠢᠯᠯᠠᠭ᠎ᠠ ᠨᠢ ᠭᠦᠭᠡᠬᠤᠲᠠ ᠶᠢᠨ ᠣᠶᠤᠨᠴᠢ ᠰᠤᠷᠭᠠᠨ | ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠡᠭᠡᠷ᠎ᠡ ᠤᠩᠰᠢᠯᠭ᠎ᠠ ᠶᠢᠨ ᠣᠷᠣᠨ ᠵᠠᠢ ᠭᠠᠷᠭᠠᠵᠤ᠂ ᠪᠠᠭᠰᠢ ᠰᠤᠷᠤᠬᠴᠢᠳ ᠺᠤᠮᠫᠢᠦ᠋ᠲ᠋ᠧᠷ ᠪᠠ | ᠰᠢᠯᠵᠢᠮᠡᠯ ᠦᠵᠦᠭᠦᠷᠯᠢᠭ ᠢᠶᠠᠷ ᠳᠠᠮᠵᠢᠭᠤᠯᠤᠨ᠂ ᠤᠩᠰᠢᠯᠭ᠎ᠠ ᠶᠢᠨ ᠪᠦᠲᠦᠭᠡᠯ ᠢᠶᠠᠨ ᠳᠡᠪᠰᠢᠭᠦᠯᠵᠦ᠂ ᠤᠩᠰᠢᠯᠭ᠎ᠠ ᠶᠢᠨ ᠦᠷ᠎ᠡ ᠪᠦᠲᠦᠭᠡᠯ ᠢᠶᠠᠨ ᠳᠡᠯᠭᠡᠨ ᠦᠵᠡᠭᠦᠯᠵᠦ | ᠪᠤᠯᠳᠠᠭ᠃ ︽ᠡᠨᠡ ᠬᠦ ᠲᠠᠪᠴᠠᠩ ᠨᠢ ᠪᠦᠭᠦ ᠬᠤᠲᠠ ᠶᠢᠨ ᠡᠯ᠎ᠡ ᠣᠷᠣᠨ ᠪᠦᠰᠡ ᠵᠢᠴᠢ ᠰᠤᠷᠭᠠᠭᠤᠯᠢ ᠶᠢᠨ ᠪᠡᠶ᠎ᠡ ᠪᠠᠨ ᠳᠠᠭᠠᠭᠠᠨ ᠣᠯᠠᠨ ᠭᠡᠯᠪᠡᠷᠢ ᠶᠢᠨ ᠠᠵᠢᠯᠯᠠᠭ᠎ᠠ | ᠥᠷᠨᠢᠭᠦᠯᠬᠦ ᠶᠢ ᠳᠡᠮᠵᠢᠵᠦ᠂ ᠠᠵᠢᠯᠯᠠᠭ᠎ᠠ ᠶᠢᠨ ᠦᠷ᠎ᠡ ᠪᠦᠲᠦᠭᠡᠯ ᠢ ᠲᠥᠪᠯᠡᠷᠡᠭᠦᠯᠦᠨ ᠳᠡᠯᠭᠡᠨ ᠦᠵᠡᠭᠦᠯᠭᠦ ᠪᠠ ᠲᠤᠷᠰᠢᠯᠭ᠎ᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ | ᠬᠢᠴᠢᠶᠡᠯ ᠤᠨ ᠰᠢᠰᠲ᠋ᠧᠮ ᠬᠢᠭᠡᠳ ᠵᠢᠭᠠᠨ ᠰᠤᠷᠭᠠᠯᠲᠠ ᠶᠢᠨ ᠦᠢᠯᠡᠳᠦᠯᠭᠡ ᠳᠤ ᠭᠦᠨᠵᠡᠭᠡᠢ ᠠᠭᠤᠰᠤᠯᠴᠠᠬᠤ ᠪᠠᠷ ᠳᠠᠮᠵᠢᠭᠤᠯᠤᠨ᠂ ᠪᠠᠭᠰᠢ ᠰᠤᠷᠤᠬᠴᠢᠳ ᠤᠨ | ᠤᠩᠰᠢᠯᠭ᠎ᠠ ᠶᠢᠨ ᠬᠡᠪ ᠪᠣᠯᠪᠠᠰᠤᠷᠠᠯ ᠬᠢᠭᠡᠳ ᠶᠡᠷᠦᠩᠬᠡᠶᠢᠯᠡᠭᠰᠡᠨ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠵᠦ᠂ ᠰᠤᠷᠭᠠᠭᠤᠯᠢ᠂ | ᠨᠡᠶᠢᠭᠡᠮ᠂ ᠭᠡᠷ ᠪᠦᠯᠢ ᠭᠤᠷᠪᠠᠨ ᠲᠠᠯ᠎ᠠ ᠪᠠᠷ ᠢᠶᠠᠨ ᠬᠠᠮᠵᠢᠯᠴᠠᠨ ᠬᠠᠮᠲᠤ ᠪᠠᠷ ᠬᠥᠮᠥᠵᠢᠭᠦᠯᠬᠦ ᠬᠠᠷᠠᠯᠲᠠ ᠶᠢ ᠪᠡᠶᠡᠯᠡᠭᠦᠯᠦᠨ᠎ᠡ︾ ᠭᠡᠵᠦ ᠭᠦᠭᠡᠬᠤᠲᠠ ᠶᠢᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ ᠤᠨ ᠲᠣᠨᠣᠭᠯᠠᠯ ᠤᠨ ᠮᠡᠷᠭᠡᠵᠢᠯ ᠤᠨ ᠰᠤᠳᠤᠯᠭᠠᠨ ᠤ ᠲᠠᠰᠤᠭ ᠤᠨ ᠳᠡᠳ᠋ ᠡᠷᠭᠢᠯᠡᠭᠴᠢ ᠶᠠᠨ ᠯᠢ ᠶᠠᠷᠢᠨ᠎ᠠ᠃ | ︽︿ᠨᠣᠮ ᠢ ᠲᠦᠮᠡᠨ ᠪᠣᠳᠢ ᠤᠩᠰᠢᠪᠠᠰᠤ ᠪᠢᠷ ᠤᠨ ᠦᠵᠦᠭᠦᠷ ᠰᠢᠳᠢ ᠣᠷᠣᠰᠢᠮᠤᠢ﹀᠃ ᠨᠣᠮ ᠤᠩᠰᠢᠯᠭ᠎ᠠ ᠨᠢ ᠪᠢᠳᠡᠨ ᠤ ᠢᠲᠡᠭᠡᠯ ᠢ ᠬᠥᠪᠴᠢᠯᠡᠵᠦ | ᠢᠷᠡᠭᠡᠳᠦᠢ ᠶᠢ ᠨᠡᠩ ᠭᠡᠭᠡᠨ ᠰᠠᠷᠠᠭᠤᠯ ᠪᠣᠯᠭᠠᠨ᠎ᠠ᠃︾ ᠲᠦᠷᠦᠭᠦᠬᠡᠨ ᠪᠣᠯᠤᠭᠰᠠᠨ ᠭᠦᠭᠡᠬᠤᠲᠠ ᠶᠢᠨ ᠳᠣᠯᠣᠳᠤᠭᠠᠷ ᠬᠤᠭᠤᠴᠠᠭᠠᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠨᠣᠮ ᠤᠩᠰᠢᠯᠭ᠎ᠠ ᠶᠢᠨ ᠠᠵᠢᠯᠯᠠᠭ᠎ᠠ ᠶᠢᠨ ᠡᠭᠢᠯᠡᠯᠳᠡ ᠶᠢᠨ ᠶᠣᠰᠣᠯᠠᠯ ᠳᠡᠭᠡᠷ᠎ᠡ ᠭᠦᠭᠡᠬᠤᠲᠠ ᠶᠢᠨ | ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠭᠤᠷᠪᠠᠳᠤᠭᠠᠷ ᠣᠨ ᠤ ᠰᠤᠷᠤᠬᠴᠢ ᠯᠢ ᠮᠦ ᠰᠢ ᠢᠩᠭᠢᠵᠦ ᠶᠠᠷᠢᠵᠤ ᠪᠠᠶᠢᠯ᠎ᠠ᠃ | ᠭᠦᠭᠡᠬᠤᠲᠠ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ ᠠᠵᠢᠯᠯᠠᠭ᠎ᠠ ᠶᠢ 2018 ᠣᠨ ᠠᠴᠠ ᠡᠬᠢᠯᠡᠨ ᠨᠢᠭᠡᠨᠲᠡ 6 ᠬᠤᠭᠤᠴᠠᠭ᠎ᠠ ᠡᠷᠭᠢᠯᠡᠵᠦ᠂ | ᠨᠡᠶᠢᠲᠡ 289322 ᠬᠤᠪᠢ ᠨᠣᠮ ᠤᠩᠰᠢᠭᠰᠠᠨ ᠪᠦᠲᠦᠭᠡᠯ ᠡᠯᠰᠡᠪᠡ᠃ ᠵᠦᠪᠭᠡᠨ ᠵᠢᠷᠭᠤᠳᠤᠭᠠᠷ ᠬᠤᠭᠤᠴᠠᠭᠠᠨ ᠤ ᠨᠣᠮ ᠤᠩᠰᠢᠯᠭ᠎ᠠ ᠶᠢᠨ ᠠᠵᠢᠯᠯᠠᠭ᠎ᠠ ᠶᠢᠨ | ᠲᠠᠪᠴᠠᠩ ᠢ 1530953 ᠬᠥᠮᠥᠨ ᠤᠳᠠᠭ᠎ᠠ ᠦᠵᠡᠵᠦ᠂ ᠠᠵᠢᠯᠯᠠᠭ᠎ᠠ ᠳᠤ 73370 ᠬᠥᠮᠥᠨ ᠤᠳᠠᠭ᠎ᠠ ᠣᠷᠣᠯᠴᠠᠵᠤ᠂ ᠳᠡᠪᠰᠢᠭᠦᠯᠦᠭᠰᠡᠨ ᠪᠦᠲᠦᠭᠡᠯ ᠤᠨ ᠲᠤᠭ᠎ᠠ | 85057 ᠬᠤᠪᠢ ᠬᠦᠷᠴᠦ᠂ ᠤᠳᠬ᠎ᠠ ᠵᠣᠬᠢᠶᠠᠯ᠂ ᠰᠢᠨᠵᠢᠯᠡᠬᠦ ᠤᠬᠠᠭᠠᠨ᠂ ᠲᠡᠦᠬᠡ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠰᠤᠳᠤᠯᠤᠨ | ᠰᠤᠷᠤᠯᠴᠠᠬᠤ ᠦᠢᠯᠡᠳᠦᠯᠭᠡ᠂ ᠡᠴᠢᠭᠡ ᠡᠬᠡ ᠦᠷ᠎ᠡ ᠬᠡᠦᠬᠡᠳ ᠤᠨ ᠬᠠᠮᠲᠤ ᠶᠢᠨ ᠤᠩᠰᠢᠯᠭ᠎ᠠ ᠵᠡᠷᠭᠡ ᠬᠦᠷᠢᠶ᠎ᠡ ᠶᠢ ᠬᠠᠮᠤᠷᠴᠠᠢ᠃ ᠡᠭᠦᠨ ᠤ ᠬᠠᠮᠲᠤ᠂ ᠠᠬᠤᠢ | ᠳᠠᠯᠠᠪᠠᠢ ᠳᠠᠬᠢ ᠪᠠᠭᠰᠢ ᠶᠢᠨ ᠤᠩᠰᠢᠯᠭ᠎ᠠ ᠶᠢᠨ ᠵᠢᠯᠣᠭᠤᠳᠤᠯᠭ᠎ᠠ᠂ ᠪᠠᠭᠰᠢ ᠶᠢᠨ ᠨᠣᠮ ᠤᠩᠰᠢᠬᠤ ᠬᠤᠷᠠᠯ ᠵᠡᠷᠭᠡ ᠥᠪᠡᠷᠮᠢᠴᠡ ᠦᠢᠯᠡᠴᠢᠯᠡᠭᠡ ᠶᠢ ᠢᠳᠡᠪᠬᠢᠲᠡᠢ | ᠥᠷᠨᠢᠭᠦᠯᠬᠦ ᠶᠢ ᠵᠣᠷᠢᠭᠵᠢᠭᠤᠯᠵᠤ᠂ ᠨᠣᠮ ᠤᠩᠰᠢᠬᠤ ᠪᠠ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠢᠨ᠎ᠡ ᠵᠠᠭᠪᠤᠷ ᠢ ᠢᠳᠡᠪᠬᠢᠲᠡᠢ | ᠰᠦᠪᠡᠭᠴᠢᠯᠡᠪᠡ᠃ 2023 ᠣᠨ ᠳᠤ᠂ ᠭᠦᠭᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠬᠠᠮᠲᠤ ᠶᠢᠨ ᠤᠩᠰᠢᠯᠭ᠎ᠠ ᠶᠢᠨ | ᠠᠵᠢᠯᠯᠠᠭ᠎ᠠ ᠶᠢ ᠰᠤᠷᠭᠠᠨ ᠬᠥᠮᠦᠵᠢᠯ ᠤᠨ ᠶᠠᠮᠤᠨ ᠠᠴᠠ ᠪᠦᠭᠦ ᠤᠯᠤᠰ ᠤᠨ ᠵᠠᠯᠠᠭᠤ ᠪᠠᠭ᠎ᠠ ᠰᠤᠷᠤᠬᠴᠢᠳ ᠤᠨ ᠨᠣᠮ ᠤᠩᠰᠢᠬᠤ ᠠᠵᠢᠯᠯᠠᠭ᠎ᠠ ᠶᠢᠨ ᠣᠷᠣᠨ ᠪᠦᠰᠡ ᠶᠢᠨ | ᠰᠢᠯᠢᠳᠡᠭ ᠵᠢᠱᠢᠶ᠎ᠡ ᠪᠠᠷ ᠦᠨᠡᠯᠡᠪᠡ᠃ | ᠲᠡᠭᠷᠢ ᠶᠢᠨ ᠬᠤᠷ᠎ᠠ ᠰᠢᠪᠡᠷᠡᠵᠦ ᠲᠦᠮᠡᠨ ᠪᠣᠳᠠᠰ ᠢ ᠠᠮᠢᠯᠠᠭᠤᠯᠤᠨ᠎ᠠ᠂ ᠨᠣᠮ ᠤᠨ ᠬᠤᠷ᠎ᠠ ᠱᠠᠭᠢᠵᠤ ᠬᠡᠦᠬᠡᠳ ᠤᠨ ᠰᠡᠳᠬᠢᠯ ᠢ ᠤᠮᠳᠠᠯᠠᠨ᠎ᠠ᠃ | |