ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 2025 ᠣᠨ ᠤ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠵᠢᠴᠢ ᠬᠤᠯᠤᠭᠠᠨ᠎ᠠ ᠶᠢᠨ ᠬᠢᠵᠢᠭ ᠪᠠ ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ ᠦᠷᠪᠢᠰᠦᠯ ᠤᠨ ᠤᠯᠠᠷᠢᠭᠤᠯᠤᠨ ᠵᠠᠲᠠᠯᠠᠬᠤ  ᠰᠣᠷᠢᠯᠲᠠ  ᠡᠷᠬᠢᠯᠡᠭᠰᠡᠨ
ᠨᠡᠶᠢᠲᠡᠯᠡᠭᠰᠡᠨ ᠴᠠᠭ᠄
2025/6/3
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠢ  ᠴᠢᠩᠭᠠᠷᠭᠤᠯᠬᠤ ᠶᠢᠨ ᠲᠦᠯᠦᠬᠡ ᠂ 5 ᠰᠠᠷ᠎ᠠ ᠶᠢᠨ 26 ᠤ ᠡᠳᠦᠷ᠂  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ 2025 ᠣᠨ ᠤ ᠲᠤᠬᠠᠶᠢᠯᠠᠭᠰᠠᠨ ᠠᠵᠢᠯ ᠤᠨ  ᠪᠤᠯᠪᠠᠰᠤᠷᠠᠯ ᠵᠢᠴᠢ ᠬᠤᠯᠤᠭᠠᠨ᠎ᠠ ᠶᠢᠨ ᠬᠢᠵᠢᠭ ᠪᠠ ᠰᠢᠯᠲᠠᠭᠠᠨ ᠨᠢ ᠲᠣᠳᠣᠷᠬᠠᠢ ᠦᠭᠡᠢ ᠠᠭᠤᠰᠬᠢᠨ ᠦᠷᠪᠢᠰᠦᠯ ᠤᠨ ᠤᠯᠠᠷᠢᠭᠤᠯᠤᠨ ᠵᠠᠲᠠᠯᠠᠬᠤ  ᠰᠣᠷᠢᠯᠲᠠ ᠶᠢ ᠵᠣᠬᠢᠶᠠᠨ ᠪᠠᠶᠢᠭᠤᠯᠤᠨ   ᠡᠷᠬᠢᠯᠡᠪᠡ᠃ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠮᠴᠢᠯᠡᠭᠡᠨ ᠤ ᠪᠠᠶᠢᠭᠤᠯᠤᠮᠵᠢ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠢᠴᠢ ᠠᠷᠠᠳ ᠤᠨ ᠡᠵᠡᠩᠨᠡᠯᠲᠡ ᠶᠢᠨ ᠡᠮᠴᠢᠯᠡᠭᠡᠨ ᠤ ᠪᠠᠶᠢᠭᠤᠯᠤᠮᠵᠢ᠂ ᠣᠯᠠᠨ ᠨᠡᠶᠢᠲᠡ ᠶᠢᠨ ᠲᠠᠯᠠᠪᠤᠷ ᠤᠨ ᠬᠠᠷᠢᠭᠤᠴᠠᠯᠭᠠᠲᠠᠨ ᠵᠡᠷᠭᠡ ᠨᠡᠶᠢᠲᠡ 120 ᠭᠠᠷᠤᠢ ᠬᠥᠮᠥᠨ ᠣᠷᠣᠯᠴᠠᠵᠠᠢ᠃
202505291023199069zvhja_l.png
       ᠪᠤᠯᠪᠠᠰᠤᠷᠠᠯ ᠳᠤ᠂ 2025 ᠣᠨ ᠤ ᠪᠥᠬᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠢᠰᠲ᠋ᠧᠮ ᠲᠠᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠦ ᠱᠠᠭᠠᠷᠳᠠᠯᠭ᠎ᠠ ᠳᠤᠷᠠᠳᠪᠠ᠃
202505291023202335ldgek_l (1).png
       ᠪᠤᠯᠪᠠᠰᠤᠷᠠᠯ ᠨᠢ ᠣᠳᠣᠬᠠᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠠᠭᠤᠯᠭ᠎ᠠ ᠶᠢᠨ ᠲᠣᠭᠤᠷᠢᠨ ᠳᠤ ᠦᠷᠨᠢᠬᠦᠯᠪᠡ᠃ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠲᠤᠰᠬᠠᠢ ᠮᠡᠷᠭᠡᠵᠢᠯ ᠤᠨ ᠠᠵᠢᠯᠲᠠᠨ ᠣᠨᠣᠯ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠵᠡᠷᠭᠡ ᠬᠡᠯᠪᠡᠷᠢ ᠪᠠᠷ ᠡᠮᠴᠢᠯᠡᠭᠡᠨ ᠤ ᠪᠠᠶᠢᠭᠤᠯᠤᠮᠵᠢ ᠶᠢᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠭᠤᠣᠯᠳᠠᠯᠭ᠎ᠠ᠂ ᠪᠷᠦ᠋ᠼᠧᠯ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ᠂ ᠰᠦᠷᠢᠶ᠎ᠡ ᠡᠪᠡᠳᠴᠢᠲᠡᠨ ᠤ ᠵᠢᠷᠤᠮᠵᠢᠭᠰᠠᠨ ᠬᠠᠮᠢᠶᠠᠷᠤᠯᠲᠠ ᠶᠢᠨ ᠶᠠᠪᠤᠴᠠ ᠵᠢᠴᠢ ᠪᠣᠭᠤᠮ᠎ᠠ ᠡᠪᠡᠳᠴᠢᠨ᠂ ᠭᠠᠷ ᠬᠥᠯ ᠠᠮᠠᠨ ᠡᠪᠡᠳᠴᠢᠨ ᠵᠡᠷᠭᠡ ᠤᠯᠠᠷᠢᠯ ᠤᠨ ᠴᠢᠨᠠᠷᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠠᠶᠢᠯᠪᠤᠷᠢᠯᠠᠪᠠ᠃
20250529102318906sr6rh6_l.png
        ᠬᠠᠮᠲᠤ ᠲᠤᠨᠢ ᠪᠠᠰᠠ᠂ ᠢᠳᠡᠭᠡᠨ ᠠᠴᠠ ᠢᠷᠡᠯᠲᠡ ᠲᠠᠢ ᠡᠪᠡᠳᠴᠢᠨ ᠢ ᠰᠦᠯᠵᠢᠶ᠎ᠡ ᠪᠠᠷ ᠰᠢᠭᠤᠳ ᠮᠡᠳᠡᠭᠦᠯᠬᠦ᠂ VCT ᠡᠭᠦᠳᠡᠨ ᠡᠮᠨᠡᠯᠭᠡ ᠶᠢᠨ ᠵᠢᠷᠤᠮᠵᠢᠭᠤᠯᠤᠭᠰᠠᠨ ᠪᠠᠶᠢᠭᠤᠯᠤᠯᠲᠠ᠂ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠢᠯᠡᠴᠢᠯᠡᠭᠡ ᠬᠠᠮᠢᠶᠠᠷᠤᠯᠲᠠ᠂ ᠬᠤᠤᠷᠳᠤ ᠬᠠᠪᠤᠳᠠᠷ ᠢ ᠬᠢᠨᠠᠨ ᠬᠡᠮᠵᠢᠬᠦ ᠵᠡᠷᠭᠡ ᠠᠵᠢᠯ ᠳᠤ ᠴᠢᠭᠯᠡᠭᠦᠯᠦᠨ ᠨᠠᠷᠢᠨ ᠲᠠᠶᠢᠯᠤᠮᠵᠢ  ᠬᠢᠬᠦ ᠶᠢᠨ ᠬᠠᠮᠳᠤ ᠪᠠᠰᠠ ᠬᠠᠤᠯᠢ ᠴᠠᠭᠠᠵᠠ ᠬᠠᠤᠯᠢ ᠲᠣᠭᠲᠠᠭᠠᠯ ᠬᠢᠭᠡᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠳᠠᠬᠢ ᠴᠢᠬᠤᠯᠠ ᠴᠢᠨᠠᠷ ᠢ ᠴᠢᠬᠤᠯᠠᠴᠢᠯᠠᠭᠰᠠᠨ ᠪᠥᠭᠡᠳ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠤᠨ ᠬᠢᠨᠠᠯᠲᠠ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠠᠵᠢᠯᠯᠠᠬᠤ ᠶᠠᠪᠤᠴᠠ ᠳᠠᠬᠢ ᠲᠦᠭᠰᠢᠭᠦᠷᠢ ᠶᠢᠨ ᠴᠡᠭ ᠵᠢᠴᠢ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠵᠠᠳᠠᠯᠤᠭᠰᠠᠨ ᠪᠠᠶᠢᠨ᠎ᠠ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ