| ᠲᠤᠮᠲᠠᠳᠤ ᠶᠢᠨ ᠦᠨᠳᠦᠰᠦᠲᠡᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯᠲᠤ ᠪᠠᠶᠠᠷ ᠤᠨ ᠡᠳᠤᠷ ᠬᠦᠷᠴᠦ ᠢᠷᠡᠬᠦ ᠲᠠᠰᠢᠷᠠᠮ ᠳᠤ᠂ 5 | ᠰᠠᠷ᠎ᠠ ᠶᠢᠨ 29 ᠤ ᠡᠳᠦᠷ᠂ ᠰᠤᠶᠤᠯ ᠨᠡᠶᠢᠭᠡᠮ ᠲᠣᠭᠤᠷᠢᠭ ᠤᠨ ᠬᠢᠨ ᠬᠤᠰᠢᠭᠤᠨ ᠤ ᠰᠣᠶᠣᠯ ᠤᠨ ᠣᠷᠳᠣᠨ᠂ ᠪᠠᠶᠠᠨᠬᠦ᠋ᠷᠢᠶ᠎ᠡ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠨᠡᠶᠢᠬᠡᠮ ᠲᠤᠭᠤᠷᠢᠭ ᠤᠨ ᠢᠶᠠᠨ ᠰᠠᠭᠤᠭᠠᠯᠢ ᠠᠷᠠᠤᠨ ᠢ ᠬᠠᠯᠠᠮᠵᠢᠯᠠᠬᠤ ᠪᠠᠶᠠᠯᠢᠭ ᠠᠭᠤᠯᠭ᠎ᠠ ᠪᠦᠬᠦᠢ | ᠰᠣᠶᠣᠯ ᠤᠨ ᠰᠢᠷᠢᠰ ᠠᠵᠢᠯᠯᠠᠭ᠎ᠠ ᠥᠷᠨᠢᠭᠦᠯᠵᠦ᠂ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ ᠬᠠᠮᠲᠤ ᠪᠠᠷ ᠪᠡᠯᠭᠡᠯᠡᠵᠦ᠂ ᠨᠡᠶᠢᠬᠡᠮ ᠲᠤᠭᠤᠷᠢᠭ ᠤᠨ ᠠᠷᠠᠤᠨ | ᠤᠨ ᠢᠶᠠᠨ ᠰᠡᠤᠨᠬᠢᠯ ᠢ ᠨᠢ ᠲᠤᠯᠠᠭᠠᠴᠠᠭᠤᠯᠤᠭᠰᠠᠨ ᠪᠠᠶᠢᠨ᠎ᠠ᠃ | ᠠᠵᠢᠯᠯᠠᠭ᠎ᠠ ᠳᠤ᠂ ᠰᠣᠶᠣᠯ ᠢ ᠤᠯᠠᠮᠵᠢᠯᠠᠵᠤ᠂ ᠬᠥᠷᠰᠢ ᠵᠡᠷᠭᠡᠯᠡᠳᠡᠭᠡ ᠶᠢᠨ ᠨᠠᠶᠢᠷ ᠰᠡᠳᠬᠢᠯᠭᠡ ᠪᠠᠨ ᠵᠤᠵᠠᠭᠠᠳᠬᠠᠬᠤ ᠵᠢᠨᠲ᠋ᠥ᠋ᠯᠥᠭᠡ᠂ ᠬᠠᠷᠢᠶ᠎ᠠ ᠲᠣᠭᠤᠷᠢᠭ ᠤᠨ | ᠰᠠᠭᠤᠭᠠᠯᠢ ᠠᠷᠠᠳ ᠨᠢᠭᠡ ᠲᠠᠩᠬᠢᠮ ᠳᠤ ᠴᠤᠭᠯᠠᠷᠠᠵᠤ᠂ ᠤᠷᠠᠨ ᠠᠷᠭ᠎ᠠ ᠪᠠᠷ ᠽᠦᠩᠽᠢ ᠪᠠᠨ ᠪᠣᠭᠤᠵᠤ᠂ ᠬᠠᠷᠢᠯᠴᠠᠨ ᠵᠥᠩᠨᠡᠯ ᠳᠡᠪᠰᠢᠭᠦᠯᠵᠦ᠂ ᠤᠯᠠᠮᠵᠢᠯᠠᠯᠲᠤ ᠵᠠᠩ | ᠳᠠᠳᠬᠠᠯ ᠢᠶᠠᠨ ᠬᠠᠮᠲᠤᠪᠠᠷ ᠶᠠᠷᠢᠯᠴᠠᠵᠠᠢ᠃ ᠪᠠᠰᠠᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠡᠳᠡᠰᠦᠨ ᠤ ᠡᠷᠡᠭᠦᠯ ᠮᠡᠨᠳᠦ ᠶᠢ ᠴᠢᠬᠤᠯᠠᠴᠢᠯᠠᠬᠤ ᠤᠬᠠᠮᠰᠠᠷ ᠢ | ᠲᠡᠬᠡᠭᠰᠢᠯᠡᠬᠦᠯᠬᠦ ᠶᠢᠨ ᠲᠦᠯᠦᠬᠡ᠂ ᠪᠠᠶᠠᠨᠬᠦ᠋ᠷᠢᠶ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠠᠵᠢᠯᠲᠠᠳ ᠲᠦᠬᠦᠮ | ᠤᠶᠢᠯᠭᠠᠮᠵᠢᠲᠠᠢ ᠦᠭᠡ ᠬᠡᠯᠡ ᠪᠠᠷ ᠥᠷᠭᠡᠨ ᠣᠯᠠᠨ ᠰᠠᠭᠤᠭᠠᠯᠢ ᠠᠷᠠᠳ ᠲᠤ ᠭᠡᠳᠡᠰᠦᠨ ᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠵᠦ ᠥᠭᠭᠦᠭᠰᠡᠨ | ᠪᠠᠶᠢᠨ᠎ᠠ᠃ | ᠲᠤᠰ ᠤᠲᠠᠭᠠᠨ ᠤ ᠰᠢᠷᠢᠰ ᠠᠵᠢᠯᠯᠠᠭ᠎ᠠ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠤᠨ ᠥᠷᠭᠡᠨ ᠣᠯᠠᠨ ᠰᠠᠭᠤᠭᠠᠯᠢ ᠠᠷᠠᠳ ᠤᠨ | ᠳᠤᠮᠳᠠ ᠨᠠᠩ ᠰᠠᠶᠢᠨ ᠤᠯᠠᠮᠵᠢᠯᠠᠨ ᠵᠠᠯᠭᠠᠮᠵᠢᠯᠠᠭᠤᠯᠬᠤ ᠶᠢᠨ ᠲᠦᠯᠦᠬᠡ᠂ ᠬᠠᠳᠬᠤᠮᠠᠯ ᠬᠠᠤᠨᠬᠤᠬᠤ ᠠᠷᠭ᠎ᠠ ᠪᠠ ᠬᠠᠳᠬᠤᠮᠠᠯ ᠤᠨ ᠤᠷ᠎ᠠ ᠮᠡᠷᠭᠡᠵᠢᠯ ᠢ ᠨᠠᠷᠢᠨ | ᠲᠠᠶᠢᠯᠪᠤᠷᠢᠯᠠᠵᠤ᠂ ︽ᠪᠠᠷᠭᠤ ᠶᠢᠨ ᠬᠠᠳᠬᠤᠮᠠᠯ︾ ᠤᠨ ᠭᠠᠶᠢᠬᠠᠮᠰᠢᠭ ᠢ ᠭᠦᠨᠵᠡᠭᠡᠢ ᠡᠵᠡᠮᠰᠢᠬᠦᠯᠤᠭ᠍ᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠣᠶᠣᠯ ᠤᠨ ᠨᠡᠶᠢᠭᠡᠮ ᠲᠣᠭᠤᠷᠢᠭ ᠦᠷᠭᠦᠯᠵᠢᠯᠡᠨ ᠤᠯᠠᠮᠵᠢᠯᠠᠯᠲᠤ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ | ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠡᠶ᠎ᠡ ᠵᠣᠬᠢᠴᠠᠩᠭᠤᠢ ᠰᠠᠶᠢᠨ | ᠰᠠᠶᠢᠬᠠᠨ ᠨᠡᠶᠢᠭᠡᠮ ᠲᠣᠭᠤᠷᠢᠭ ᠤᠨ ᠭᠡᠷ ᠣᠷᠣᠨ ᠢ ᠬᠠᠮᠲᠤᠪᠠᠷ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ | | | | | |