ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨᠠᠮ
ᠨᠡᠶᠢᠲᠡᠯᠡᠭᠰᠡᠨ ᠴᠠᠭ᠄
2025/6/3
    2023 ᠣᠨ ᠤ 6 ᠳ᠋ᠤᠭᠠᠷ ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠤᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠦᠳᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠳᠦᠭᠡᠨ ᠪᠠᠶᠢᠭᠤᠯᠤᠯᠲᠠ ᠪᠠ ᠨᠠᠮ ᠤᠨ ᠪᠦᠳᠦᠭᠡᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ  ᠲᠠᠢ ᠨᠢᠭᠲᠠ ᠤᠶᠠᠯᠳᠤᠭᠤᠯᠤᠨ ᠥᠴᠦᠬᠡᠨ ᠴᠦ ᠬᠡᠯᠪᠠᠶᠢᠯᠭᠡᠯᠡᠬᠦ ᠦᠭᠡᠢ ᠪᠠᠶᠢᠬᠤ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠨᠡᠶᠢᠲᠡᠯᠡᠬᠦ ᠴᠦ ᠲᠡᠷᠡ᠂ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠡ ᠲᠣᠭᠲᠠᠭᠠᠬᠤ ᠴᠦ ᠲᠡᠷᠡ᠂ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠡᠭᠦᠳᠡᠨ ᠠᠴᠠ ᠪᠣᠳᠤᠯᠬᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠬᠦ ᠴᠢᠬᠤᠯᠠ ᠱᠠᠭᠠᠷᠳᠠᠯᠭ᠎ᠠ ᠨᠢ ᠪᠢᠳᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠵᠢᠴᠢ ᠦᠨᠳᠦᠰᠦᠲᠡᠨ ᠤ ᠭᠠᠵᠠᠷ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠨ ᠡᠯ᠎ᠡ ᠲᠥᠷᠥᠯ ᠤᠨ ᠠᠵᠢᠯ ᠢᠶᠠᠨ ᠰᠠᠶᠢᠲᠤᠷ ᠬᠢᠬᠦ ᠳᠤ ᠦᠵᠡᠯ ᠰᠠᠨᠠᠭᠠᠨ ᠤ ᠲᠤᠭ ᠢ ᠪᠣᠰᠬᠠᠵᠦ᠂ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ ᠠᠵᠢᠯᠯᠠᠭᠠᠨ ᠤ ᠵᠦᠭᠯᠡᠭᠦᠷ ᠢ ᠬᠠᠩᠭᠠᠭᠰᠠᠨ ᠪᠠᠶᠢᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠤᠨ ᠴᠠᠷᠠᠭ᠎ᠠ ᠬᠦᠷᠢᠶᠡᠨ ᠳᠠᠬᠢ ᠲᠥᠷᠥ ᠶᠢᠨ ᠪᠣᠳᠣᠯᠭ᠎ᠠ ᠬᠠᠤᠯᠢ ᠳᠥᠷᠢᠮ ᠢ ᠲᠣᠭᠲᠠᠭᠠᠨ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠴᠢᠩᠭᠠᠳᠬᠠᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠵᠤ ᠪᠠᠶᠢᠨ᠎ᠠ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠤ ᠪᠠᠷ ᠵᠠᠰᠠᠬᠤ ᠶᠢ ᠪᠠᠷᠢᠮᠲᠠᠯᠠᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠪᠠᠷ ᠵᠠᠰᠠᠬᠤ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠵᠡᠷᠭᠡ ᠣᠨᠤᠯᠵᠢᠬᠤᠨ ᠢ ᠴᠢᠬᠤᠯᠠᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠠ ᠦᠨᠳᠦᠰᠦᠲᠡᠨ ᠤ ᠭᠠᠵᠠᠷ ᠣᠷᠣᠨ ᠤ ᠡᠯ᠎ᠡ ᠲᠥᠷᠥᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠳᠤᠳᠤᠷᠬᠠᠢ ᠳᠤᠷᠠᠳᠴᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠤᠯᠠᠮ ᠴᠠᠭᠠᠰᠢᠲᠠ ᠦᠷᠭᠡᠳᠭᠡᠭᠰᠡᠨ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠡᠳᠡᠭ ᠪᠣᠯ ᠶᠡᠷᠦᠩᠬᠡᠶ ᠱᠦᠵᠢ ᠰᠢ ᠶᠢᠨ ᠫᠢᠩ ᠤᠨ ᠠᠯᠤᠰ ᠬᠡᠲᠦ ᠶᠢᠨ ᠲᠡᠦᠬᠡᠨ ᠬᠠᠷᠠᠴᠠ᠂ ᠪᠥᠬᠦ ᠪᠥᠮᠪᠥᠷᠴᠡᠭ ᠤᠨ ᠥᠷᠭᠡᠨ ᠬᠠᠷᠠᠭᠠᠰᠦ ᠠᠴᠠ ᠡᠷᠲᠡᠨ ᠡᠳᠦᠭᠡ ᠶᠢᠨ ᠬᠤᠪᠢᠷᠠᠯᠲᠠ᠂ ᠴᠠᠭ ᠦᠶ᠎ᠡ ᠶᠢᠨ ᠪᠠᠶᠢᠳᠠᠯ ᠢ ᠠᠵᠢᠭᠯᠠᠨ ᠪᠦᠲᠦᠭᠡᠯᠴᠢ ᠴᠢᠨᠠᠷᠲᠠᠶ ᠪᠠᠷ ᠳᠤᠷᠠᠳᠤᠭᠰᠠᠨ ᠴᠢᠬᠤᠯᠠ ᠶᠡᠭᠡ ᠤᠤᠭᠠᠯ ᠴᠢᠨᠠᠷᠲᠠᠶ ᠨᠤᠲᠠᠯᠠᠯᠲᠠ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠮᠠᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠴᠠᠭᠠᠰᠢᠯᠠᠪᠠᠯ ᠡᠯ᠎ᠡ ᠲᠥᠷᠥᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠣᠨᠤᠯᠵᠢᠬᠤᠨ ᠢ ᠳᠤᠷᠠᠳᠤᠭᠰᠠᠨ 9 ᠵᠢᠯ ᠭᠠᠷᠤᠢ ᠶᠢᠨ ᠲᠤᠷᠰᠢ᠂ ᠡᠨᠡ ᠬᠦ ᠣᠨᠣᠯᠵᠢᠬᠤᠨ ᠨᠢ ᠬᠥᠮᠦᠰ ᠤᠨ ᠰᠡᠳᠬᠢᠯ ᠳᠤ ᠠᠯᠬᠤᠮ ᠠᠯᠬᠤᠮ ᠢᠶᠠᠷ ᠭᠦᠨᠵᠡᠭᠡᠶᠢᠷᠡᠵᠦ᠂ ᠦᠢᠯᠡᠳᠦᠯᠭᠡ ᠨᠢ ᠲᠠᠰᠤᠷᠠᠯᠳᠠ ᠦᠭᠡᠢ ᠥᠷᠭᠡᠵᠢᠨ ᠭᠦᠨᠵᠡᠭᠡᠶᠢᠷᠡᠪᠡ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ ᠲᠦᠷᠢᠮ ᠳᠤ ᠪᠢᠴᠢᠨ ᠣᠷᠤᠭᠤᠯᠤᠭᠰᠠᠨ ᠠᠴᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠠ ᠦᠨᠳᠦᠰᠦᠨ ᠵᠢᠷᠤᠮᠯᠠᠯ ᠪᠣᠯᠪᠠ᠃ 2018 ᠣᠨ ᠳᠤ ︽ᠳᠤᠮᠳᠠᠳᠤ ᠶᠢᠨ ᠦᠨᠳᠦᠰᠦᠲᠡᠨ︾ ᠢ ᠠᠩᠬ᠎ᠠ ᠤᠳᠠᠭ᠎ᠠ ᠦᠨᠳᠦᠰᠦᠨ ᠬᠠᠤᠯᠢ ᠳᠤ ᠪᠢᠴᠢᠵᠦ ᠣᠷᠣᠭᠤᠯᠪᠠ᠂ ᠡᠨᠡ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ ᠪᠤᠳᠤᠯᠭ᠎ᠠ ᠶᠢᠨ ᠦᠨᠳᠦᠰᠦᠲᠡᠨ ᠤ ᠴᠠᠷᠠᠭ᠎ᠠ ᠬᠦᠷᠢᠶᠡᠨ ᠳᠠᠬᠢ ᠴᠢᠬᠤᠯᠠ ᠶᠡᠭᠡ ᠦᠢᠯᠡᠳᠦᠯᠭᠡ ᠪᠣᠯᠵᠤ᠂ ᠦᠨᠳᠦᠰᠦᠨ ᠶᠡᠭᠡ ᠬᠠᠤᠯᠢ ᠶᠢᠨ ᠦᠨᠳᠦᠷᠴᠡ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠣᠯᠢᠵᠢᠯ ᠤᠨ ᠰᠠᠭᠤᠷᠢ ᠪᠠ ᠦᠨᠳᠦᠰᠦᠯᠡᠯ ᠢ ᠬᠠᠩᠭᠠᠵᠠᠢ᠃ ᠡᠳᠡᠭᠡᠷ ᠴᠢᠬᠤᠯᠠ ᠶᠡᠭᠡ ᠠᠷᠭ᠎ᠠ ᠬᠡᠮᠵᠢᠶ᠎ᠡ ᠨᠢ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠲᠡᠨ ᠤ ᠠᠵᠢᠯ ᠢ ᠬᠠᠤᠯᠢᠵᠢᠭᠤᠯᠬᠤ ᠰᠢᠨ᠎ᠡ ᠦᠢᠯᠡᠳᠦᠯᠭᠡ ᠶᠢ ᠡᠬᠢᠯᠡᠭᠦᠯᠦᠭᠰᠡᠨ ᠪᠠᠶᠢᠨ᠎ᠠ᠃ ᠡᠭᠦᠨ ᠤ ᠳᠠᠭᠠᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠬᠠᠤᠯᠢ ᠲᠣᠭᠲᠠᠭᠠᠬᠤ ᠬᠠᠤᠯᠢ᠂ ᠡᠬᠡ ᠣᠷᠣᠨᠴᠢ ᠦᠵᠡᠯ ᠤᠨ ᠬᠥᠮᠦᠵᠢᠯ ᠤᠨ ᠬᠠᠤᠯᠢ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ᠂ ᠡᠬᠡ ᠬᠠᠭᠤᠷᠠᠶ ᠶᠢᠨ ᠤᠯᠤᠰ ᠤᠨ ᠵᠠᠭᠠᠭ ᠤᠨ ᠬᠠᠤᠯᠢ᠂ ᠬᠠᠲᠤᠨ ᠭᠤᠤᠯ ᠢ ᠬᠠᠮᠠᠭᠠᠯᠠᠬᠤ ᠬᠠᠤᠯᠢ᠂ ᠬᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠵᠡᠷᠭᠡ 6 ᠬᠠᠤᠯᠢ ᠳᠤ ᠪᠢᠴᠢᠵᠦ ᠣᠷᠣᠭᠤᠯᠪᠠ᠃ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠳᠠᠮᠵᠢᠭᠤᠯᠤᠨ ᠨᠠᠮ ᠤᠨ ᠦᠨᠳᠦᠰᠦᠲᠡᠨ ᠤ ᠠᠵᠢᠯ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢ ᠤᠯᠤᠰ ᠤᠨ ᠬᠠᠤᠯᠢ ᠴᠠᠭᠠᠵᠠ ᠪᠣᠯᠭᠠᠨ ᠤᠯᠠᠷᠢᠭᠤᠯᠵᠦ᠂ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠶᠣᠰᠣᠭᠠᠷ ᠲᠦᠷᠦ ᠪᠠᠷᠢᠬᠤ ᠲᠠᠯ᠎ᠠ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠰᠢᠰᠲ᠋ᠧᠮ ᠲᠠᠢ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠤ ᠪᠠᠷ ᠵᠠᠰᠠᠬᠤ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠶᠡᠷᠦᠩᠬᠡᠢ ᠱᠦᠵᠢ ᠰᠢ ᠶᠢᠨ ᠫᠢᠩ᠂ ᠭᠠᠭᠴᠠ ᠬᠦ ᠬᠠᠤᠯᠢ ᠴᠠᠭᠠᠵᠠ ᠶᠢᠨ ᠢᠲᠡᠭᠡᠯ ᠪᠢᠰᠢᠷᠡᠯ ᠢ ᠪᠤᠢ ᠪᠣᠯᠭᠠᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤᠬᠠᠮᠰᠠᠷ ᠠᠴᠠ ᠪᠠᠨ ᠬᠠᠤᠯᠢ ᠶᠢ ᠦᠨᠳᠦᠰᠦᠯᠡᠨ ᠤᠴᠢᠷ ᠶᠠᠪᠤᠳᠠᠯ ᠢᠶᠠᠨ ᠰᠢᠢᠳᠪᠦᠷᠢᠯᠡᠪᠡᠯ᠂ ᠦᠨᠳᠦᠰᠦᠲᠡᠨ ᠤ ᠪᠦᠯᠬᠦᠮᠳᠡᠯ ᠰᠠᠶ᠋ᠢ ᠪᠠᠲᠤᠯᠠᠭ᠎ᠠ ᠲᠠᠢ ᠪᠤᠯᠵᠤ᠂ ᠦᠨᠳᠦᠰᠦᠲᠡᠨ ᠤ ᠬᠠᠷᠢᠴᠠᠭ᠎ᠠ ᠰᠠᠶ᠋ᠢ ᠪᠠᠲᠤ ᠪᠠᠬᠢ ᠪᠤᠯᠵᠤ ᠴᠢᠳᠠᠨ᠎ᠠ ᠭᠡᠵᠦ ᠴᠢᠬᠤᠯᠠᠴᠢᠯᠠᠪᠠ᠃ 2023 ᠣᠨ ᠤ 10 ᠳ᠋ᠤᠭᠠᠷ ᠰᠠᠷ᠎ᠠ ᠳᠤ ᠶᠡᠷᠦᠩᠬᠡᠶ ᠱᠦᠵᠢ ᠰᠢ ᠶᠢᠨ ᠫᠢᠩ ᠲᠥᠪ ᠤᠨ ᠤᠯᠤᠰ ᠲᠥᠷᠥ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠳᠥᠷᠢᠮ ᠤᠨ ᠲᠤᠭᠲᠠᠯᠴᠠᠭ᠎ᠠ ᠶᠢ ᠪᠦᠷᠢᠨᠰᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠤᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ︾ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠤᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠥᠪᠥᠷ ᠮᠣᠩᠭᠤᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠨ ᠪᠠᠶᠢᠭᠤᠯᠤᠭᠰᠠᠨ ᠠᠩᠬᠠᠳᠠᠭᠴᠢ ᠮᠤᠵᠢ ᠶᠢᠨ ᠳᠡᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠣᠷᠤᠨ ᠪᠣᠯᠬᠤᠷ᠂ ᠣᠷᠳᠣ ᠬᠤᠭᠤᠴᠠᠭᠠᠨ ᠤ ᠲᠤᠷᠰᠢ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠡᠯᠪᠡᠭ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠵᠠᠶ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠨᠤᠯᠵᠢᠬᠤᠨ ᠢ ᠭᠦᠨᠵᠡᠭᠡᠶ ᠤᠶᠢᠯᠡᠳᠦᠯᠭᠡᠵᠢᠭᠦᠯᠵᠦ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠶ ᠠᠬᠢᠭᠤᠯᠵᠦ᠂ ᠦᠨᠳᠦᠰᠦᠲᠡᠨ ᠤ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠠᠯᠢ ᠣᠯᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠭᠰᠠᠨ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠭᠠᠳ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠲᠠᠰᠤᠷᠠᠯᠲᠠ ᠦᠭᠡᠢ ᠬᠠᠮᠠᠭᠠᠯᠠᠪᠠ᠃ 2021 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠨᠢ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠤᠨ ᠬᠤᠭᠤᠰᠣᠨ ᠢ ᠨᠥᠬᠦᠪᠦᠷᠢᠯᠠᠭᠡᠳ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠡᠯ᠎ᠡ ᠵᠦᠢᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠠᠵᠢᠯ ᠤᠨ ᠱᠠᠭᠠᠷᠳᠠᠯᠭ᠎ᠠ ᠶᠢ ᠬᠠᠤᠯᠢ ᠶᠢᠨ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠦ᠂ ᠠᠭᠤᠤ ᠶᠡᠭᠡ ᠳᠤᠮᠳᠠᠳᠤ ᠶᠢᠨ ᠬᠦᠰᠡᠯ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠤᠯᠠᠷᠢᠭᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠦᠷᠢᠵᠢᠭᠤᠯᠬᠤ ᠶᠢᠨ ᠲᠦᠯᠦᠭᠡ 2023 ᠣᠨ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ ᠵᠡᠷᠭᠡ 6 ᠶᠡᠷᠦᠩᠬᠡᠶᠢᠯᠡᠭᠰᠡᠨ ᠴᠢᠨᠠᠷᠲᠠᠶ ᠴᠢᠬᠤᠯᠠ ᠶᠡᠭᠡ ᠬᠠᠤᠯᠢ ᠲᠣᠭᠲᠠᠭᠠᠯ ᠢ ᠵᠡᠷᠭᠡ ᠪᠠᠷ ᠲᠣᠭᠲᠠᠭᠠᠨ ᠨᠡᠶᠢᠲᠡᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ 2024 ᠣᠨ ᠠᠴᠠ ᠡᠬᠢᠯᠡᠨ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾ ᠨᠢ ᠬᠠᠤᠯᠢ ᠪᠠᠷ ᠲᠣᠭᠲᠠᠭᠠᠭᠰᠠᠨ ᠵᠢᠷᠤᠮ ᠶᠣᠰᠤ ᠪᠠᠷ ᠨᠠᠮ ᠤᠨ ᠬᠢᠯᠢ ᠬᠢᠵᠠᠭᠠᠷ ᠣᠷᠣᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠣᠯᠭᠠᠨ ᠤᠯᠠᠷᠢᠭᠤᠯᠵᠦ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠯᠤᠭᠰᠠᠨ ᠪᠠᠶᠢᠨ᠎ᠠ᠃    ᠤᠢᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠳᠠ ᠬᠦᠷᠲᠡᠯᠡᠬᠢ ᠪᠤᠢ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠠᠶᠢᠴᠠᠭᠠᠨ ᠰᠤᠳᠤᠯᠵᠤ ᠪᠢᠴᠢᠵᠦ ᠳᠤᠭᠤᠷᠪᠢᠬᠤ ᠠᠴᠠ ᠠᠪᠤᠭᠠᠳ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ ᠬᠦᠷᠲᠡᠯ᠎ᠡ᠂ ᠴᠠᠭᠠᠰᠢᠯᠠᠪᠠᠯ ᠬᠢᠨᠠᠨ ᠵᠥᠪᠯᠡᠵᠦ ᠪᠠᠲᠤᠯᠠᠬᠤ ᠪᠠᠷ ᠲᠤᠷᠠᠳᠤᠯᠭ᠎ᠠ ᠳᠡᠪᠰᠢᠭᠦᠯᠬᠦ ᠬᠦᠷᠲᠡᠯ᠎ᠡ ᠴᠥᠮ ᠳᠤᠮᠳᠠᠳᠤ ᠶᠢᠨ ᠦᠨᠳᠦᠰᠦᠲᠡᠨ ᠤ ᠨᠡᠶᠢᠲᠡᠯᠢᠭ ᠴᠢᠨᠠᠷ ᠢ ᠴᠢᠩᠭᠠᠳᠬᠠᠬᠤ ᠶᠢ ᠠᠩᠬᠠᠷᠴᠤ᠂ ᠪᠤᠢ ᠪᠦᠬᠦᠢ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠭᠤᠣᠯ ᠰᠢᠵᠢᠮ ᠳᠡᠭᠡᠷ᠎ᠡ ᠲᠥᠪᠯᠡᠷᠡᠭᠦᠯᠦᠨ ᠬᠦᠴᠦᠯᠡᠬᠦ ᠶᠢ ᠠᠬᠢᠭᠤᠯᠪᠠ᠃ 2023 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠣᠷᠣᠨ ᠨᠤᠲᠤᠭ ᠤᠨ ᠴᠢᠨᠠᠷᠲᠠᠶ 175 ᠬᠠᠤᠯᠢ ᠲᠣᠭᠲᠠᠭᠠᠯ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 3 ᠥᠪᠡᠷᠲᠡᠭᠡᠨ ᠵᠠᠰᠠᠬᠤ ᠬᠤᠰᠢᠭᠤᠨ ᠤ ᠲᠣᠭᠲᠠᠭᠠᠭᠰᠠᠨ 3 ᠥᠪᠡᠷᠲᠡᠭᠡᠨ ᠵᠠᠰᠠᠬᠤ ᠲᠦᠷᠢᠮ᠂ 22 ᠲᠤᠰᠬᠠᠶ ᠲᠦᠷᠢᠮ ᠳᠤ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠬᠠᠤᠯᠢ ᠴᠠᠭᠠᠵᠠ ᠶᠢᠨ ᠬᠡᠯᠪᠡᠷᠢ ᠪᠠᠷ ᠢᠯᠡᠷᠡᠭᠦᠯᠵᠦ᠂ ᠬᠠᠤᠯᠢ ᠴᠠᠭᠠᠵᠠ ᠪᠠᠷ ᠦᠨᠳᠦᠰᠦᠲᠡᠨ ᠤ ᠪᠦᠯᠬᠦᠮᠳᠡᠯ ᠢ ᠦᠨᠡᠨ ᠬᠦ ᠪᠠᠲᠤᠯᠠᠵᠤ᠂ ᠦᠨᠳᠦᠰᠦᠲᠡᠨ ᠤ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠪᠠᠷ ᠵᠠᠰᠠᠬᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠠᠤᠯᠢ ᠴᠠᠭᠠᠵᠠ ᠶᠢᠨ ᠲᠤᠯᠭᠠᠭᠤᠷᠢᠯᠠᠯ ᠢ ᠬᠠᠩᠭᠠᠪᠠ᠃ ᠰᠠᠶᠢᠨ ᠬᠠᠤᠯᠢ ᠪᠣᠯ ᠴᠢᠳᠠᠮᠠᠭᠠᠢ ᠵᠠᠰᠠᠬᠤ ᠶᠢᠨ ᠰᠠᠭᠤᠷᠢ ᠮᠥᠨ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠬᠠᠤᠯᠢ ᠪᠠᠷ ᠵᠠᠰᠠᠬᠤ ᠶᠢ ᠦᠨᠳᠦᠰᠦᠲᠡᠨ ᠤ ᠠᠵᠢᠯ ᠤᠨ ᠪᠦᠬᠦ ᠴᠠᠷᠠᠭ᠎ᠠ ᠬᠦᠷᠢᠶ᠎ᠡ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠵᠠᠮ ᠳᠡᠭᠡᠷ᠎ᠡ ᠦᠨᠳᠦᠰᠦᠲᠡᠨ ᠤ ᠬᠡᠷᠡᠭ ᠶᠠᠪᠤᠳᠠᠯ ᠢ ᠵᠠᠰᠠᠵᠤ᠂ ᠨᠡᠶᠢᠭᠡᠮ ᠵᠢᠷᠦᠮᠲᠦ ᠬᠠᠤᠯᠢ ᠪᠠᠷ ᠵᠠᠰᠠᠬᠤ ᠨᠢᠭᠡᠳᠦᠯ ᠪᠣᠯᠤᠨ ᠨᠡᠷ᠎ᠡ ᠬᠦᠨᠳᠦ ᠶᠢ ᠦᠨᠡᠨ ᠬᠦ ᠬᠠᠮᠠᠭᠠᠯᠠᠵᠤ᠂ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠪᠣᠯᠤᠨ ᠬᠠᠤᠯᠢ ᠪᠠᠷ ᠵᠠᠰᠠᠬᠤ ᠲᠤᠭᠲᠠᠯᠴᠠᠭ᠎ᠠ ᠶᠢ ᠪᠦᠷᠢᠨᠰᠢᠬᠦᠯᠬᠦ ᠬᠡᠷᠡᠭᠲᠡᠢ᠃ ᠵᠢᠷᠤᠮᠯᠠᠬᠤ ᠬᠠᠤᠯᠢ ᠲᠠᠢ ᠪᠠᠶᠢᠬᠤ ᠪᠣᠯ ᠬᠠᠤᠯᠢ ᠶᠣᠰᠤ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠪᠠ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠤ ᠪᠠᠷ ᠵᠠᠰᠠᠬᠤ ᠶᠢᠨ ᠦᠨᠳᠦᠰᠦᠨ ᠤᠷᠢᠲᠠᠯ ᠮᠥᠨ᠃ ᠮᠠᠨ ᠤ ᠤᠯᠤᠰ ᠤᠨ ᠠᠩᠬᠠᠳᠠᠭᠴᠢ ᠮᠤᠵᠢ ᠶᠢᠨ ᠳᠡᠰ ᠤᠨ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠣᠷᠣᠨ ᠪᠣᠯᠤᠭᠰᠠᠨ ᠤ ᠬᠤᠪᠢ ᠳᠤ ᠦᠨᠳᠦᠰᠦᠲᠡᠨ ᠤ ᠠᠵᠢᠯ ᠤᠨ ᠴᠠᠷᠠᠭ᠎ᠠ ᠬᠦᠷᠢᠶᠡᠨ ᠳᠠᠬᠢ ᠬᠠᠤᠯᠢ ᠪᠠᠷ ᠵᠠᠰᠠᠬᠤ ᠪᠠᠶᠢᠭᠤᠯᠤᠯᠲᠠ ᠤᠯᠠᠮ ᠲᠡᠭᠦᠯᠳᠡᠷᠵᠢᠬᠦ ᠲᠤᠲᠤᠮ ᠡᠬᠡ ᠣᠷᠣᠨ ᠤ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠳᠤ ᠤᠯᠠᠮ ᠠᠰᠢᠭᠲᠠᠶ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠤᠯᠠᠮ ᠠᠰᠢᠭᠲᠠᠶ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠ ᠳᠤᠮᠳᠠᠳᠤ ᠶᠢᠨ ᠦᠨᠳᠦᠰᠦᠲᠡᠨ ᠤ ᠴᠡᠴᠡᠭᠯᠡᠯ ᠬᠥᠭᠵᠢᠯ ᠳᠤ ᠤᠯᠠᠮ ᠠᠰᠢᠭᠲᠠᠶ ᠪᠣᠯᠤᠨ᠎ᠠ ᠭᠡᠳᠡᠭ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠳᠣ ᠬᠤᠭᠤᠴᠠᠭᠠᠨ ᠤ ᠦᠨᠳᠦᠰᠦᠲᠡᠨ ᠤ ᠠᠵᠢᠯ ᠤᠨ ᠤᠶᠢᠯᠡᠳᠦᠯᠭᠡ ᠭᠦᠢᠴᠡᠳ ᠬᠡᠷᠡᠴᠢᠯᠡᠪᠡ᠃ ᠤᠢᠢᠷ᠎ᠠ ᠶᠢᠨ ᠵᠢᠯ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠡᠯ᠎ᠡ ᠲᠥᠷᠥᠯ ᠤᠨ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠣᠷᠣᠨ ᠨᠤᠲᠤᠭ ᠤᠨ ᠴᠢᠨᠠᠷᠲᠠᠢ ᠠᠯᠢ ᠤᠯᠠᠨ ᠬᠠᠤᠯᠢ ᠲᠦᠷᠢᠮ ᠢ ᠲᠣᠭᠲᠠᠭᠠᠵᠤ᠂ ᠬᠠᠤᠯᠢ ᠪᠠᠷ ᠵᠠᠰᠠᠬᠤ ᠵᠠᠮ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ︽ᠠᠤᠭ᠎ᠠ ᠲᠥᠰᠦᠪ ᠢ ᠭᠦᠢᠴᠡᠳ ᠵᠢᠷᠤᠭᠯᠠᠬᠤ︾ ᠶᠢ ᠪᠠᠲᠤᠯᠠᠪᠠ᠃ ᠦᠢᠯᠡᠳᠦᠯᠭᠡ ᠶᠢᠨ ᠳᠤᠮᠳᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠬᠤ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠵᠡᠷᠭᠡ ᠲᠠᠯ᠎ᠠ ᠪᠠᠷ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠬᠤ ᠵᠡᠷᠭᠡ ᠲᠠᠯ᠎ᠠ ᠪᠠᠷ᠂ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠬᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠬᠤ ᠶᠢᠨ ᠬᠠᠮᠲᠤ ᠲᠥᠷᠥ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠶᠢ ᠪᠠᠳᠤᠯᠠᠬᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠤ ᠪᠠᠷ ᠪᠠᠲᠤᠯᠠᠬᠤ ᠲᠠᠯ᠎ᠠ ᠪᠠᠷ᠂ ᠦᠨᠳᠦᠰᠦᠲᠡᠨ ᠨᠦᠭᠦᠳ ᠤᠨ ᠬᠠᠮᠲᠤ ᠪᠠᠷ ᠭᠦᠭᠵᠢᠵᠦ᠂ ᠬᠠᠮᠲᠤ ᠪᠠᠷ ᠪᠠᠶᠠᠵᠢᠬᠤ ᠶᠢ ᠳᠡᠮᠵᠢᠬᠦ ᠵᠡᠷᠭᠡ ᠲᠠᠯ᠎ᠠ ᠪᠠᠷ ᠤᠯᠤᠰ ᠤᠨ ᠲᠠᠯ᠎ᠠ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠭᠤᠣᠯ ᠰᠢᠵᠢᠮ ᠢ ᠬᠠᠤᠯᠢ ᠴᠠᠭᠠᠵᠠ ᠶᠢᠨ ᠬᠡᠯᠪᠡᠷᠢ ᠪᠠᠷ ᠲᠤᠭᠤᠰᠢᠯᠠᠭᠤᠯᠤᠨ ᠨᠠᠶᠢᠳᠠᠪᠦᠷᠢᠵᠢᠭᠤᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ ᠵᠠᠰᠠᠬᠤ ᠵᠠᠮ ᠢᠶᠠᠷ ᠬᠡᠷᠡᠭᠵᠢᠭᠦᠯᠬᠦ ᠶᠢ ᠪᠠᠳᠤᠯᠠᠵᠦ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠰᠢᠨ᠎ᠡ ᠡᠭᠦᠳᠦᠯᠲᠡ ᠲᠠᠢ ᠭᠦᠭᠵᠢᠯᠲᠡ ᠶᠢᠨ ᠦᠷ᠎ᠡ ᠪᠦᠲᠦᠭᠡᠯ ᠢ ᠤᠯᠤᠰ ᠤᠨ ᠬᠠᠤᠯᠢ ᠴᠠᠭᠠᠵᠠ ᠳᠤ ᠢᠯᠡᠷᠡᠭᠦᠯᠬᠦ ᠶᠢ ᠪᠢᠳᠡ ᠪᠠᠰᠠ ᠲᠤᠯᠭᠠᠮ ᠬᠦᠰᠡᠵᠦ ᠪᠤᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠳᠠᠮᠵᠢᠨ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠤᠭᠲᠠᠯᠴᠠᠭ᠎ᠠ ᠶᠢ ᠤᠯᠠᠮ ᠨᠢᠭᠡ ᠠᠯᠬᠤᠮ ᠪᠠᠶᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠲᠠᠰᠤᠷᠠᠯᠲᠠ ᠦᠭᠡᠢ ᠴᠣᠭᠴᠠᠯᠠᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠰᠢᠨ᠎ᠡ ᠠᠶᠠᠨ ᠵᠠᠮ ᠳᠤ ᠬᠠᠤᠯᠢ ᠴᠠᠭᠠᠵᠠ ᠶᠢᠨ ᠬᠡᠯᠪᠡᠷᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮᠲᠤ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠬᠠᠮᠲᠤ ᠪᠠᠷ ᠬᠥᠭᠵᠢᠨ ᠲᠠᠪᠰᠢᠬᠤ ᠶᠢᠨ ᠨᠠᠶᠢᠳᠠᠪᠤᠷᠢᠲᠠᠢ ᠪᠠᠲᠤᠯᠠᠭ᠎ᠠ ᠮᠥᠨ ᠭᠡᠳᠡᠭ ᠢ ᠲᠣᠳᠣᠷᠬᠠᠢ ᠶᠠᠷᠢᠬᠤ ᠬᠡᠷᠡᠭᠲᠡᠢ᠂ ᠳᠤᠮᠳᠠᠳᠤ ᠶᠢᠨ ᠦᠨᠳᠦᠰᠦᠲᠡᠨ ᠪᠣᠯ ᠬᠦᠴᠦᠷᠬᠡᠭ ᠶᠡᠭᠡ ᠮᠡᠳᠡᠷᠡᠬᠦᠢ ᠪᠠ ᠨᠢᠭᠲᠠᠷᠠᠯ ᠤᠨ ᠬᠦᠴᠦᠨ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠳᠤᠳᠤᠷᠬᠠᠢ ᠶᠠᠷᠢᠬᠤ ᠬᠡᠷᠡᠭᠲᠡᠢ᠂ ᠳᠤᠮᠳᠠᠳᠤ ᠤᠯᠤᠰ ᠤᠨ ᠣᠨᠴᠠᠯᠢᠭ ᠲᠠᠢ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠤᠨ ᠢᠯᠡᠷᠬᠡᠶ ᠳᠠᠪᠠᠭᠤᠯᠢᠭ ᠴᠢᠨᠠᠷ ᠢ ᠲᠣᠳᠣᠷᠬᠠᠶ ᠶᠠᠷᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠳᠡᠷᠡᠰᠢ ᠦᠭᠡᠢ ᠪᠠᠲᠤ ᠪᠠᠬᠢ ᠪᠣᠯᠭᠠᠬᠤ ᠬᠡᠷᠡᠭᠲᠡᠢ᠃    ᠬᠠᠤᠯᠢ ᠵᠠᠷᠯᠠᠯ ᠢ ᠬᠡᠷᠡᠭᠵᠢᠭᠦᠯᠪᠡᠰᠦ ᠤᠯᠤᠰ ᠬᠦᠷᠦᠨ ᠲᠦᠪᠰᠢᠷᠡᠵᠦ᠂ ᠬᠠᠤᠯᠢ ᠵᠠᠷᠯᠠᠯ ᠰᠤᠯᠠᠷᠠᠪᠠᠰᠤ ᠤᠯᠤᠰ ᠬᠦᠷᠦᠨ ᠰᠠᠮᠠᠭᠤᠷᠠᠮᠤᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠲᠦᠷᠢᠮ ᠤᠨ ᠪᠠᠶᠢᠭᠤᠯᠤᠯᠲᠠ ᠪᠣᠯ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠤ ᠪᠠᠷ ᠵᠠᠰᠠᠬᠤ ᠶᠢ ᠪᠠᠷᠢᠮᠲᠠᠯᠠᠬᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠲᠤᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠬᠠᠤᠯᠢ ᠴᠠᠭᠠᠵᠠ ᠪᠠᠷ ᠪᠠᠲᠤᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠠᠤᠯᠢ ᠪᠠᠷ ᠵᠠᠰᠠᠬᠤ ᠰᠠᠭᠤᠷᠢ ᠶᠢ ᠪᠠᠬᠢᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ ᠪᠣᠯᠬᠤᠷ᠂ ᠲᠡᠷᠡ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠬᠤ ᠨᠢ ᠯᠠᠪᠲᠠᠢ ᠶᠤᠮ᠃     ᠬᠢᠨᠠᠨ ᠨᠠᠶᠢᠷᠠᠭᠤᠯᠤᠭᠴᠢ᠄ ᠠᠳᠢᠶ᠎ᠠ ᠰᠠᠴᠤᠷᠠᠯ ᠶᠡᠷᠦᠩᠬᠡᠢ ᠬᠢᠨᠠᠨ ᠨᠠᠶᠢᠷᠠᠭᠤᠯᠤᠭᠴᠢ᠄ ᠸᠠᠩ ᠰᠢᠥᠸᠠᠢ ᠳ᠋ᠦᠩ   
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ