ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ | ᠶᠠᠷᠢᠰᠤᠭᠠᠢ | 2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 25 ᠣᠷᠴᠢᠮ ᠢ ᠪᠠᠶᠢᠭᠤᠯᠬᠤ ᠶᠢ ᠳᠠᠮᠵᠢᠨ᠎ᠠ᠃ | ᠰᠣᠶᠣᠯ ᠮᠦᠽᠸᠢ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ | ᠣᠨᠴᠠᠯᠢᠭ ᠲᠠᠢ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠢ ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠢᠭᠡᠳ ᠥᠪᠡᠷᠲᠡᠭᠡᠨ | ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠥᠬᠦᠶ ᠳᠡᠳ᠋ ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠥᠬᠦ ᠣᠷᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ | ᠦᠶ᠋ᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ | ᠲᠣᠭᠲᠠᠭᠠᠨ᠎ᠠ᠃ ᠬᠤᠶᠠᠷ ᠵᠢᠯ ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ | ᠪᠠᠳᠤᠯᠠᠨ ᠲᠣᠭᠲᠠᠭᠠᠬᠤ ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ᠂ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃ | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ | ᠦᠶ᠋ᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ ︵2023 — 2027 ᠣᠨ︶︾ ︵ᠳᠣᠷᠣᠭᠰᠢ ︽ | ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ | ᠲᠤᠰ ᠰᠣᠨᠢᠨ ᠤ ᠰᠤᠷᠪᠤᠯᠵᠢᠯᠠᠭᠴᠢ ︽ᠲᠥᠰᠦᠯ︾ ᠢ ᠲᠣᠭᠲᠠᠭᠠᠵᠤ ᠨᠡᠶᠢᠲᠡᠯᠡᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ | ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ ᠢ ᠰᠤᠷᠪᠤᠯᠵᠢᠯᠠᠪᠠ᠃ | ᠰᠤᠷᠪᠤᠯᠵᠢᠯᠠᠭᠴᠢ᠄ ᠲᠠ ︽ᠲᠥᠰᠦᠯ︾ ᠢ ᠨᠡᠶᠢᠲᠡᠯᠡᠭᠰᠡᠨ ᠠᠬᠤᠶ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠭᠤᠤ ᠵᠠᠨ ᠱᠧᠩ᠄ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ | ᠮᠥᠨ᠂ ᠪᠤᠢ ᠪᠦᠬᠦᠢ ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠶ ᠱᠦᠵᠢ | ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ ᠮᠦᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ | ᠲᠦᠷᠦᠯ ᠤᠨ ᠠᠵᠢᠯ ᠤᠨ ᠭᠤᠤᠯ ᠰᠢᠵᠢᠮ ᠮᠥᠨ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ | ᠪᠦᠳᠦᠭᠡᠨ ᠪᠠᠶᠢᠭᠤᠯᠤᠯᠲᠠ᠂ ᠰᠣᠶᠣᠯ ᠤᠨ ᠪᠦᠳᠦᠭᠡᠨ ᠪᠠᠶᠢᠭᠤᠯᠤᠯᠲᠠ᠂ ᠨᠡᠶᠢᠭᠡᠮ ᠤᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠦᠳᠦᠭᠡᠨ | ᠪᠠᠶᠢᠭᠤᠯᠤᠯᠲᠠ ᠪᠠ ᠨᠠᠮ ᠤᠨ ᠪᠦᠳᠦᠭᠡᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠲᠠᠢ ᠨᠢᠬᠳᠠ ᠤᠶᠠᠯᠳᠤᠭᠤᠯᠵᠦ ᠥᠴᠦᠬᠡᠨ ᠴᠦ ᠬᠡᠯᠪᠠᠶᠢᠯᠭᠡᠯᠡᠬᠦ | ᠦᠬᠡᠢ ᠪᠠᠶᠢᠬᠤ ᠬᠡᠷᠡᠭᠲᠡᠢ ᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠡ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠲᠤᠬᠠᠢ ᠲᠣᠭᠲᠠᠭᠠᠯ︾ ᠢ ᠬᠢᠨᠠᠨ ᠵᠦᠪᠯᠡᠨ ᠪᠠᠳᠤᠯᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︾ ᠭᠡᠵᠦ ᠳᠤᠷᠠᠳᠴᠤ᠂ ᠪᠦᠬᠦ ᠣᠷᠣᠨ ᠳᠠᠶᠠᠭᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠡᠯ᠎ᠡ ᠲᠦᠷᠦᠯ ᠤᠨ ᠠᠵᠢᠯ ᠳᠤ ᠪᠠᠨ ᠲᠤᠭᠤᠰᠢᠯᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠶᠢᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ | ᠤᠨ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ ᠪᠡᠶᠡᠯᠡᠭᠦᠯᠬᠦ ᠳᠤ ᠠᠩᠬᠠᠷᠤᠯ | ᠢᠶᠠᠨ ᠲᠦᠪᠯᠡᠷᠡᠬᠦᠯᠵᠦ᠂ ᠪᠦᠬᠦ ᠨᠡᠶᠢᠭᠡᠮ ᠪᠣᠯᠤᠨ ᠦᠨᠳᠦᠰᠦᠲᠡᠨ ᠨᠦᠭᠦᠳ ᠲᠤ ᠬᠠᠨᠳᠤᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠪᠤᠳᠠᠲᠠᠢ ᠲᠦᠷᠦᠭᠳᠡᠯ ᠲᠠᠢ ᠪᠦᠳᠦᠮᠵᠢᠳᠠᠢ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ︽ᠲᠥᠰᠦᠯ︾ ᠢ ᠲᠣᠭᠲᠠᠭᠠᠨ ᠨᠡᠶᠢᠳᠡᠯᠡᠵᠦ᠂ | ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃ | ᠰᠤᠷᠪᠤᠯᠵᠢᠯᠠᠭᠴᠢ᠄ ︽ᠲᠥᠰᠦᠯ︾ ᠳᠤ ᠶᠠᠮᠠᠷ ᠶᠠᠮᠠᠷ ᠭᠤᠤᠯ ᠠᠭᠤᠯᠭ᠎ᠠ ᠪᠠᠶᠢᠬᠤ ᠪᠣᠶ︖ ᠶᠠᠮᠠᠷ ᠶᠡᠷᠦᠩᠬᠡᠶ ᠬᠠᠷᠠᠯᠲᠠ ᠳᠤ ᠬᠦᠷᠭᠡᠬᠦ ᠪᠣᠶ︖ | ᠭᠤᠤ ᠵᠠᠨ ᠱᠧᠩ᠄ ︽ᠲᠥᠰᠦᠯ︾ ᠳᠤ ᠭᠤᠤᠯᠳᠠᠭᠤ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ᠂ ᠶᠡᠷᠦᠩᠬᠡᠶ ᠬᠠᠷᠠᠯᠲᠠ᠂ ᠲᠥᠷᠥᠯ ᠬᠤᠪᠢᠶᠠᠨ | ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠬᠡᠷᠡᠭᠵᠢᠭᠦᠯᠬᠦ ᠠᠯᠬᠤᠮ ᠳᠠᠷᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠲᠤᠯᠤᠭᠠᠨ | ᠬᠡᠰᠡᠭ ᠠᠭᠤᠯᠭ᠎ᠠ ᠶᠢ ᠪᠠᠭᠲᠠᠭᠠᠨ᠎ᠠ᠃ ︽ᠲᠥᠰᠦᠯ︾ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠣᠯ | ᠰᠢᠵᠢᠮ ᠢ ᠴᠢᠩᠭ᠎ᠠ ᠮᠦᠷᠳᠡᠵᠦ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠠᠭᠤᠷᠢᠨ ᠭᠠᠵᠠᠷ ᠤᠨ ᠤᠬᠠᠭᠤᠯᠭ᠎ᠠ᠂ ᠬᠥᠮᠦᠵᠢᠯ᠂ ᠦᠢᠯᠡᠳᠦᠯᠭᠡ᠂ | ᠪᠣᠯᠪᠠᠰᠤᠷᠠᠭᠤᠯᠤᠯ ᠵᠡᠷᠭᠡ ᠭᠤᠣᠯᠯᠠᠬᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠪᠣᠳᠠᠲᠤ ᠪᠦᠲᠦᠮᠵᠢ ᠪᠠᠷ ᠬᠥᠮᠦᠵᠢᠯ | ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠢᠨᠠᠬᠤ ᠭᠤᠣᠯ ᠪᠠᠷᠢᠮᠵᠢᠶ᠎ᠠ ᠪᠣᠯᠭᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠳᠠᠯᠠᠵᠤ᠂ ᠬᠥᠳᠡᠯᠦᠩᠭᠦᠶ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠰᠢᠯᠭᠠᠬᠤ ᠪᠠᠷᠢᠮᠵᠢᠶ᠎ᠠ ᠶᠢ ᠨᠠᠷᠢᠯᠢᠭᠵᠢᠭᠤᠯᠵᠤ᠂ ᠦᠨᠡᠯᠡᠨ ᠵᠢᠱᠢᠬᠦ ᠰᠢᠰᠲ᠋ᠧᠮ ᠢ | ᠰᠢᠯᠢᠳᠡᠭᠵᠢᠭᠦᠯᠵᠦ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠬᠡᠭᠰᠢᠯᠡᠬᠦᠯᠬᠦ | ᠪᠤᠯᠤᠨ᠎ᠠ᠃ ︽ᠲᠥᠰᠦᠯ︾ ᠳᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ︽ᠨᠠᠮ ᠤᠨ ᠠᠴᠢ ᠳᠤ ᠲᠠᠯᠠᠷᠬᠠᠵᠤ | ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠨ ᠤᠷᠤᠭᠰᠢᠯᠠᠬᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠦ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ ᠪᠠᠷ ᠦᠨᠳᠦᠰᠦᠨ ᠤᠯᠤᠰ ᠲᠦᠷᠦ ᠶᠢᠨ ᠤᠷᠢᠲᠠᠯ ᠪᠤᠯᠭᠠᠵᠤ᠂ ᠭᠤᠣᠯ ᠰᠢᠵᠢᠮ ᠢ ᠴᠢᠩᠭ᠎ᠠ ᠠᠳᠬᠤᠬᠤ᠂ ᠥᠪᠡᠷᠲᠡᠭᠡᠨ ᠵᠠᠰᠠᠬᠤ ᠣᠷᠣᠨ ᠤ ᠣᠳᠣ | ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠪᠣᠯᠤᠨ ᠡᠯ᠎ᠡ ᠱᠠᠲᠤᠨ ᠤ ᠡᠯ᠎ᠡ ᠲᠥᠷᠥᠯ ᠤᠨ ᠮᠦᠽᠧᠶ᠂ | ᠦᠵᠡᠰᠬᠦᠯᠡᠩ ᠤᠨ ᠣᠷᠳᠣᠨ᠂ ᠭᠤᠤᠯ ᠰᠡᠳᠦᠪᠲᠦ ᠴᠡᠴᠡᠷᠯᠢᠭ ᠵᠡᠷᠭᠡ ᠲᠠᠯᠠᠪᠤᠷ ᠢ ᠬᠦᠢᠴᠡᠳ ᠠᠰᠢᠭᠯᠠᠵᠤ᠂ ᠪᠣᠳᠠᠲᠤ ᠦᠵᠡᠬᠦᠯᠬᠡ᠂ ᠬᠦᠷᠦᠭ ᠵᠢᠷᠤᠭ ᠢᠶᠠᠷ ᠳᠠᠬᠢᠨ | ᠢᠯᠡᠷᠡᠬᠦᠯᠬᠦ᠂ ᠦᠵᠡᠭᠳᠡᠯ ᠢ ᠳᠠᠬᠢᠨ ᠰᠡᠷᠬᠦᠬᠡᠬᠦ᠂ ᠪᠡᠶᠡᠴᠢᠯᠡᠨ ᠤᠷᠤᠯᠴᠠᠬᠤ ᠵᠡᠷᠭᠡ ᠣᠯᠠᠨ ᠡᠰᠢᠲᠦ ᠢᠯᠡᠷᠡᠭᠦᠯᠬᠦ ᠠᠷᠭ᠎ᠠ ᠬᠡᠯᠪᠡᠷᠢ ᠪᠠᠷ ᠭᠦᠨᠵᠡᠭᠡᠶ ᠠᠭᠤᠳᠠᠯᠬᠤ᠂ | ᠡᠮᠬᠢᠯᠡᠬᠦ᠂ ᠡᠯ᠎ᠡ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠡᠦᠬᠡ ᠰᠣᠶᠣᠯ ᠤᠨ ᠡᠬᠢ ᠪᠠᠶᠠᠯᠢᠭ ᠪᠠ ᠬᠤᠪᠢᠰᠬᠠᠯᠲᠤ ᠤᠳᠤᠮᠰᠢᠯ ᠢ ᠳᠡᠯᠭᠡᠨ | ᠦᠵᠡᠬᠦᠯᠵᠦ᠂ ᠢᠳᠡᠪᠬᠢ ᠬᠦᠴᠦᠨ ᠢ ᠪᠠᠳᠠᠷᠠᠭᠤᠯᠵᠤ᠂ ᠭᠤᠣᠯ ᠬᠦᠭ ᠠᠶᠠᠰ ᠢ ᠴᠤᠤᠷᠢᠶᠠᠳᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ | ᠰᠠᠶᠢᠲᠤᠷ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠠᠮᠢᠳᠤᠯᠢᠭ ᠦᠢᠯᠡᠳᠦᠯᠭᠡ ᠪᠠ ᠡᠯᠪᠡᠭ ᠪᠠᠶᠠᠯᠢᠭ ᠦᠷ᠎ᠡ ᠪᠦᠲᠦᠭᠡᠯ ᠢ ᠪᠦᠳᠦᠬᠡᠨ ᠪᠠᠶᠢᠭᠤᠯᠬᠤ ᠬᠡᠷᠡᠭᠳᠡᠢ ᠬᠡᠵᠦ | ᠱᠠᠭᠠᠷᠳᠠᠪᠠ᠃ | ︽ᠲᠥᠰᠦᠯ︾ ᠳᠤ᠂ 2024 ᠣᠨ ᠠᠴᠠ ᠡᠬᠢᠯᠡᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ 25 ᠣᠷᠴᠢᠮ ᠬᠥᠮᠦᠵᠢᠯ ᠦᠶ᠋ᠯᠡᠳᠦᠯᠭᠡ ᠶᠢᠨ ᠰᠠᠭᠤᠷᠢᠨ ᠢ ᠪᠠᠶᠢᠭᠤᠯᠬᠤ ᠶᠢ ᠳᠠᠮᠵᠢᠨ᠎ᠠ᠃ 2027 ᠣᠨ | ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 100 ᠢᠯᠡᠭᠦᠦ ᠪᠠᠶᠢᠭᠤᠯᠵᠤ᠂ ᠠᠶᠢᠮᠠᠭ ᠬᠤᠲᠠ᠂ | ᠬᠤᠰᠢᠭᠤ ᠰᠢᠶᠠᠨ ᠤ ᠱᠠᠲᠤᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ 500 ᠢᠯᠡᠭᠦᠤ ᠶᠢ ᠪᠠᠶᠢᠭᠤᠯᠵᠤ᠂ ᠪᠦᠬᠦ ᠣᠷᠣᠨ ᠳᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠠᠩᠬ᠎ᠠ ᠠᠯᠬᠤᠮ | ᠪᠠᠶᠢᠭᠤᠯᠤᠨ᠎ᠠ᠃ ᠡᠯ᠎ᠡ ᠰᠠᠭᠤᠷᠢᠨ ᠭᠠᠵᠠᠷ ᠨᠢ ᠪᠦᠲᠦᠮᠵᠢᠲᠡᠶ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠨᠡᠩ ᠭᠦᠨ | ᠬᠠᠳᠠᠩᠰᠢᠭᠤᠯᠵᠤ᠂ ︽ᠭᠤᠷᠪᠠᠨ ᠰᠠᠯᠵᠦ ᠪᠣᠯᠣᠰᠢ ᠦᠬᠡᠢ︾᠂ ︽ᠳᠥᠷᠪᠡ ᠶᠢ ᠬᠠᠮᠳᠤᠳᠬᠠᠬᠤ︾᠂ ︽ᠳᠠᠪᠤᠨ ᠢᠵᠢᠯᠢᠰᠢᠯ︾ ᠵᠡᠷᠭᠡ ᠦᠵᠡᠯ ᠰᠠᠨᠠᠭᠠᠨ ᠤ | ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠬᠦᠯᠵᠦ᠂ ᠦᠨᠳᠦᠰᠦᠲᠡᠨ ᠨᠦᠭᠦᠳ ᠠᠨᠠᠷ ᠤᠨ | ᠦᠷ᠎ᠡ ᠰᠢᠭ ᠨᠢᠭᠲᠠᠷᠠᠨ ᠪᠦᠯᠬᠦᠮᠳᠡᠵᠦ᠂ ᠡᠬᠡ ᠣᠷᠣᠨ ᠤ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ | ᠪᠦᠲᠦᠭᠡᠨ ᠪᠠᠶᠢᠭᠤᠯᠤᠨ᠎ᠠ ᠬᠡᠵᠦ ᠲᠤᠳᠤᠷᠬᠠᠶᠢᠯᠠᠪᠠ᠃ | ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠬᠢᠨ ᠰᠠᠶᠢᠲᠤᠷ ᠲᠥᠷᠥᠯ ᠬᠤᠪᠢᠶᠠᠨ ᠠᠬᠢᠭᠤᠯᠬᠤ ᠪᠣᠶ︖ | ᠭᠤᠤ ᠵᠠᠨ ᠱᠧᠩ᠄ ᠪᠥᠬᠦ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠢᠳᠡ ᠰᠣᠶᠣᠯ ᠮᠦᠽᠧᠶ ᠶᠢᠨ ᠲᠥᠷᠥᠯ᠂ ᠬᠤᠪᠢᠰᠬᠠᠯ ᠤᠨ ᠳᠤᠷᠠᠰᠬᠠᠯ ᠤᠨ | ᠲᠥᠷᠥᠯ᠂ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠵᠡᠷᠭᠡ ᠠᠳᠠᠯᠢ ᠪᠤᠰᠤ ᠣᠨᠴᠠᠯᠢᠭ ᠲᠠᠢ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠢ | ᠲᠥᠷᠥᠯ ᠬᠤᠪᠢᠶᠠᠨ ᠪᠥᠲᠥᠭᠡᠨ ᠪᠠᠶᠢᠭᠤᠯᠤᠨ᠎ᠠ᠃ ᠰᠣᠶᠣᠯ ᠮᠦᠽᠧᠶ ᠶᠢᠨ ᠲᠥᠷᠥᠯ ᠤᠨ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠨᠢ ᠡᠯ᠎ᠡ ᠱᠠᠲᠤᠨ ᠤ ᠡᠯ᠎ᠡ | ᠲᠥᠷᠥᠯ ᠤᠨ ᠮᠦᠽᠧᠶ᠂ ᠰᠣᠶᠣᠯ ᠤᠨ ᠣᠷᠳᠣᠨ᠂ ᠤᠷᠠᠯᠢᠭ ᠤᠨ ᠣᠷᠳᠣᠨ᠂ ᠰᠣᠶᠣᠯ ᠢᠷᠭᠡᠨᠰᠢᠯ ᠤᠨ ᠦᠵᠡᠮᠵᠢ ᠵᠡᠷᠭᠡ ᠣᠯᠠᠨ ᠨᠡᠶᠢᠲᠡ ᠶᠢᠨ ᠰᠣᠶᠣᠯ ᠤᠨ | ᠲᠥᠬᠦᠭᠡᠷᠦᠮᠵᠢ ᠳᠤ ᠲᠦᠰᠢᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠰᠣᠶᠣᠯ ᠤᠨ ᠠᠭᠤᠯᠤᠭᠳᠠᠬᠤᠨ ᠤ | ᠪᠠᠶᠢᠭᠤᠯᠤᠯᠲᠠ ᠶᠢ ᠴᠢᠩᠭᠠᠳᠬᠠᠬᠤ᠂ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠳᠡᠯᠭᠡᠨ ᠦᠵᠡᠭᠦᠯᠭᠡ᠂ ᠤᠷᠠᠨ ᠰᠠᠶᠢᠬᠠᠨ ᠤ ᠲᠣᠭᠯᠠᠯᠲᠠ᠂ ᠰᠣᠶᠣᠯ ᠤᠨ | ᠲᠠᠶᠢᠯᠪᠤᠷᠢᠯᠠᠯᠲᠠ ᠵᠡᠷᠭᠡ ᠠᠷᠭ᠎ᠠ ᠬᠡᠯᠪᠡᠷᠢ ᠶᠢ ᠠᠰᠢᠭᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠵᠣᠷᠢᠭ ᠰᠠᠨᠠᠭ᠎ᠠ ᠪᠠ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠰᠠᠶᠢᠳᠤᠷ ᠶᠠᠷᠢᠵᠤ᠂ ᠰᠠᠬᠢᠨ ᠪᠡᠷᠡᠯᠡᠵᠦ ᠬᠠᠷᠢᠯᠴᠠᠨ | ᠬᠠᠪᠰᠤᠷᠤᠯᠴᠠᠬᠤ ᠰᠠᠶᠢᠨ ᠬᠡᠪ ᠰᠤᠷᠲᠠᠯ ᠢ ᠪᠠᠳᠠᠷᠠᠭᠤᠯᠤᠨ᠎ᠠ᠃ | ᠬᠤᠪᠢᠰᠬᠠᠯ ᠤᠨ ᠳᠤᠷᠠᠰᠬᠠᠯ ᠤᠨ ᠲᠥᠷᠥᠯ ᠤᠨ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠨᠢ ᠬᠤᠪᠢᠰᠬᠠᠯ ᠤᠨ ᠳᠤᠷᠠᠰᠬᠠᠯ ᠤᠨ ᠣᠷᠳᠣᠨ᠂ | ᠬᠤᠪᠢᠰᠬᠠᠯ ᠤᠨ ᠪᠠᠭᠤᠷᠢ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ | ᠵᠡᠷᠭᠡ ᠳᠤ ᠲᠦᠰᠢᠭᠯᠡᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠵᠦ᠂ ᠵᠠᠰᠠᠭ ᠢᠶᠠᠨ ᠳᠠᠮᠵᠢᠵᠤ ᠢᠷᠬᠡᠳ ᠢᠶᠠᠨ ᠬᠠᠶᠢᠷᠠᠯᠠᠭᠰᠠᠨ ᠲᠡᠷᠢᠭᠦᠨ ᠤ ᠨᠡᠶᠢᠲᠡᠯᠢᠭ | ᠦᠶ᠋ᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠯᠤᠰ ᠢᠶᠠᠨ ᠬᠠᠮᠠᠭᠠᠯᠠᠬᠤ ᠬᠠᠷᠢᠭᠤᠴᠠᠯᠭᠠᠲᠤ | ᠰᠡᠳᠬᠢᠯᠭᠡ ᠶᠢ ᠬᠦᠭᠵᠢᠬᠡᠵᠦ᠂ ᠦᠨᠳᠦᠰᠦᠲᠡᠨ ᠨᠦᠭᠦᠳ ᠤᠨ ᠡᠬᠡ ᠤᠯᠤᠰ ᠤᠨ ᠤᠮᠠᠷᠠᠲᠤ ᠬᠢᠯᠢ ᠶᠢ ᠬᠠᠮᠳᠤ ᠪᠠᠷ ᠰᠠᠶᠢᠲᠤᠷ ᠰᠠᠬᠢᠨ ᠬᠠᠮᠠᠭᠠᠯᠠᠳᠠᠭ ᠦᠨᠳᠦᠰᠦᠲᠡᠨ ᠤ | ᠪᠦᠯᠬᠦᠮᠳᠡᠯ ᠤᠨ ᠣᠷᠳᠣ ᠴᠠᠭᠠᠨ ᠬᠡᠷᠡᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠨ᠎ᠠ᠃ | ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠲᠥᠷᠥᠯ ᠤᠨ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ ᠨᠢ ᠬᠤᠲᠠ ᠶᠢᠨ ᠨᠡᠶᠢᠭᠡᠮ ᠲᠣᠭᠤᠷᠢᠭ᠂ ᠮᠠᠯᠵᠢᠬᠤ | ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ᠂ ᠠᠵᠤ ᠠᠬᠤᠶᠢᠯᠠᠯ ᠠᠵᠢᠯ ᠦᠶ᠋ᠯᠡᠰ ᠤᠨ ᠨᠢᠬᠡᠴᠢ ᠳᠤ ᠲᠦᠰᠢᠭᠯᠡᠵᠦ᠂ ᠬᠠᠷᠢᠯᠴᠠᠨ ᠰᠢᠬᠢᠳᠬᠡᠯᠳᠦ ᠮᠠᠶ᠋ᠢᠭ ᠤᠨ | ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠂ ᠦᠨᠳᠦᠰᠦᠲᠡᠨ ᠨᠦᠭᠦᠳ ᠤᠨ | ᠣᠯᠠᠨ ᠲᠦᠮᠡᠨ ᠬᠠᠮᠳᠤ ᠪᠠᠷ ᠠᠳᠠᠯ ᠦᠶ᠋ᠯᠡᠰ ᠴᠣᠭᠴᠠᠯᠠᠬᠤ᠂ ᠶᠠᠳᠠᠭᠤ ᠬᠦᠴᠢᠷᠳᠡᠯᠲᠡᠶ ᠶᠢ ᠲᠤᠰᠠᠯᠠᠨ ᠳᠡᠮᠵᠢᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠭᠠᠵᠠᠷ ᠣᠷᠣᠨ ︵ᠨᠢᠬᠡᠴᠢ︶ ᠢ ᠡᠭᠦᠳᠦᠨ ᠪᠠᠶᠢᠭᠤᠯᠤᠨ᠎ᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠳᠤ ᠪᠠᠷ ᠣᠷᠣᠰᠢᠨ | ᠰᠠᠭᠤᠷᠢᠰᠢᠬᠤ ᠬᠠᠮᠳᠤ ᠪᠠᠷ ᠰᠤᠷᠤᠯᠴᠠᠬᠤ᠂ ᠬᠠᠮᠳᠤ ᠪᠠᠷ ᠪᠠᠶᠢᠭᠤᠯᠬᠤ ᠬᠠᠮᠳᠤ ᠪᠠᠷ ᠭᠥᠷᠳᠡᠬᠦ᠂ ᠬᠠᠮᠳᠤ ᠪᠠᠷ ᠠᠵᠢᠯᠯᠠᠬᠤ ᠬᠠᠮᠳᠤ ᠪᠠᠷ ᠵᠢᠷᠭᠠᠬᠤ ᠨᠡᠶᠢᠭᠡᠮ ᠤᠨ | ᠤᠷᠴᠢᠨ ᠨᠥᠬᠦᠴᠡᠯ ᠢ ᠪᠦᠷᠢᠯᠳᠦᠭᠦᠯᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠳᠠᠲᠠᠢ ᠲᠦᠷᠦᠭᠳᠡᠯ ᠲᠠᠢ | ᠪᠦᠲᠦᠮᠵᠢᠲᠡᠶ ᠪᠠᠷ ᠪᠠᠳᠤᠳᠬᠠᠨ᠎ᠠ᠃ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠶᠠᠪᠤᠴᠠ ᠳᠤ᠂ ᠪᠢᠳᠡ ᠵᠦᠢ ᠵᠣᠬᠢᠰᠲᠠᠶ ᠪᠠᠶᠢᠷᠢᠯᠠᠭᠤᠯᠬᠤ ᠶᠢ | ᠪᠣᠳᠣᠯᠬᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢᠶᠠᠷ ᠤᠬᠠᠭᠤᠯᠭ᠎ᠠ ᠬᠥᠮᠦᠵᠢᠯ ᠪᠣᠯᠤᠨ ᠦᠢᠯᠡᠴᠢᠯᠡᠬᠦ ᠡᠲᠡᠭᠡᠳ ᠢᠶᠠᠨ ᠪᠣᠯᠭᠠᠵᠤ᠂ ᠣᠷᠣᠨ ᠪᠦᠰᠡ᠂ | ᠠᠵᠢᠯ ᠲᠥᠷᠥᠯ᠂ ᠬᠥᠮᠦᠨ ᠠᠮᠠ ᠶᠢᠨ ᠲᠠᠷᠬᠠᠯᠲᠠ ᠶᠢᠨ ᠣᠨᠴᠠᠯᠢᠭ ᠪᠣᠯᠤᠨ ᠲᠡᠦᠬᠡ ᠰᠤᠶᠤᠯ ᠤᠨ ᠡᠬᠢ ᠪᠠᠶᠠᠯᠢᠭ ᠢ ᠭᠦᠢᠴᠡᠳ ᠪᠤᠳᠤᠯᠬᠢᠯᠠᠵᠤ᠂ ᠬᠥᠮᠦᠵᠢᠯ | ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠶ ᠪᠠᠶᠢᠷᠢᠯᠠᠭᠤᠯᠵᠤ᠂ ᠨᠢᠭᠡᠳᠦᠯᠲᠡᠶ ᠲᠦᠯᠦᠪᠵᠢᠬᠦᠯᠵᠦ᠂ ᠪᠦᠬᠦᠯᠢ ᠴᠣᠭᠴᠠ | ᠪᠠᠷ ᠨᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠦᠬᠦ ᠣᠷᠣᠨ ᠪᠦᠰᠡ ᠶᠢ ᠬᠠᠮᠤᠷᠴᠦ᠂ | ᠪᠦᠬᠦ ᠠᠷᠠᠳ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ ᠳᠤᠷᠠᠳᠪᠠ᠃ ᠡᠯ᠎ᠡ ᠭᠠᠵᠠᠷ ᠤᠨ ᠬᠢᠨ | ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠬᠦᠷᠦᠯᠴᠡᠬᠦ ᠦᠭᠡᠶ ᠲᠠᠯ᠎ᠠ ᠪᠠᠨ ᠨᠥᠬᠦᠪᠥᠷᠢᠯᠡᠵᠦ᠂ ᠴᠢᠳᠠᠮᠵᠢ ᠪᠠᠨ ᠳᠡᠬᠦᠯᠳᠡᠷᠵᠢᠬᠦᠯᠵᠦ᠂ ᠠᠳᠠᠯᠢ ᠪᠤᠰᠤ ᠲᠥᠷᠥᠯ ᠬᠡᠯᠪᠡᠷᠢ | ᠶᠢᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠠᠷᠢᠯᠴᠠᠨ ᠨᠥᠬᠦᠪᠥᠷᠢᠯᠡᠬᠦ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠡᠯ᠎ᠡ ᠲᠥᠷᠥᠯ ᠤᠨ ᠰᠠᠭᠤᠷᠢᠨ | ᠭᠠᠵᠠᠷ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠮᠡᠳᠡᠭᠡ ᠵᠠᠩᠭᠢᠴᠢᠯᠠᠬᠤ᠂ ᠳ᠋ᠢᠵᠢᠲ᠋ᠠᠯᠵᠢᠭᠤᠯᠬᠤ᠂ ᠲᠣᠣᠷ ᠰᠦᠯᠵᠢᠶᠡᠵᠢᠭᠦᠯᠬᠦ ᠪᠠᠶᠢᠭᠤᠯᠤᠯᠲᠠ ᠶᠢ | ᠠᠬᠢᠭᠤᠯᠵᠤ᠂ ᠣᠨᠴᠠᠯᠢᠭ ᠲᠠᠢ᠂ ᠭᠢᠯᠠᠰ ᠴᠡᠭ ᠲᠠᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠢᠨ᠎ᠡ ᠶᠢ ᠡᠭᠦᠳᠴᠦ᠂ ᠨᠥᠯᠥᠭᠡᠯᠡᠬᠦ ᠬᠦᠴᠦᠨ ᠢ ᠨᠢ ᠬᠠᠮᠤᠭ | ᠤᠨ ᠶᠡᠭᠡ ᠬᠡᠮᠵᠢᠶ᠎ᠡ ᠪᠠᠷ ᠨᠡᠮᠡᠭᠳᠡᠭᠦᠯᠦᠨ᠎ᠡ᠃ | ᠰᠤᠷᠪᠤᠯᠵᠢᠯᠠᠭᠴᠢ᠄ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠬᠡᠯᠪᠡᠷᠢ ᠶᠢᠨ ᠲᠤᠷᠰᠢᠯᠭ᠎ᠠ ᠪᠤᠯᠤᠨ ᠠᠷᠭ᠎ᠠ ᠬᠢᠳᠠᠯ ᠪᠠᠶᠢᠬᠤ ᠪᠣᠶ︖ | ᠭᠤᠤ ᠵᠠᠨ ᠱᠧᠩ᠄ ᠠᠵᠢᠯ ᠢᠶᠠᠨ ᠨᠡᠩ ᠰᠠᠶᠢᠲᠤᠷ ᠠᠬᠢᠭᠤᠯᠬᠤ ᠶᠢᠨ ᠲᠥᠯᠥᠭᠡ᠂ ᠪᠢᠳᠠ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠲᠡᠷᠢᠭᠦᠯᠡᠭᠴᠢ ᠪᠠᠷ ᠬᠤᠤᠰ ᠳᠤᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠵᠥᠪᠯᠡᠯ ᠴᠦ ᠵᠣᠬᠢᠴᠠᠩᠭᠤᠶ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠪᠠᠶᠢᠭᠤᠯᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠳᠠᠯᠠᠵᠤ᠂ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠢ ᠵᠢᠯᠣᠭᠤᠳᠤᠨ ᠪᠦᠬᠦ ᠨᠡᠶᠢᠭᠡᠮ ᠳᠤ ᠬᠠᠨᠳᠤᠭᠤᠯᠤᠭᠰᠠᠨ | ᠤᠬᠠᠭᠤᠯᠭ᠎ᠠ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠲᠡᠷᠢᠭᠦᠨ ᠤ ᠨᠡᠶᠢᠲᠡᠯᠢᠭ ᠲᠤᠷᠰᠢᠯᠭ᠎ᠠ ᠶᠢ ᠪᠤᠶᠢᠵᠢᠭᠤᠯᠤᠨ ᠳᠡᠯᠭᠡᠷᠡᠭᠦᠯᠵᠦ᠂ ᠬᠥᠮᠦᠵᠢᠯ | ᠦᠢᠯᠡᠳᠦᠯᠭᠡ ᠶᠢᠨ ᠰᠠᠭᠤᠷᠢᠨ ᠭᠠᠵᠠᠷ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠦ ᠪᠤᠢ᠃ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠠᠯᠬᠤᠮ ᠳᠠᠷᠠᠭ᠎ᠠ ᠳᠤ ᠭᠤᠣᠯᠳᠠᠭᠤ᠂ ᠲᠠᠨᠢᠯᠴᠠᠭᠤᠯᠤᠨ ᠳᠡᠪᠰᠢᠭᠦᠯᠬᠦ᠂ ᠠᠩᠬ᠎ᠠ ᠰᠢᠯᠭᠠᠬᠤ᠂ ᠬᠢᠨᠠᠨ ᠲᠣᠭᠲᠠᠭᠠᠬᠤ᠂ ᠨᠡᠷᠡᠶᠢᠳᠬᠦ | ᠵᠡᠷᠭᠡ 4 ᠱᠠᠲᠤ ᠪᠠᠭᠲᠠᠨ᠎ᠠ᠃ ᠪᠢᠳᠡ ᠰᠠᠭᠤᠷᠢᠨ ᠭᠠᠵᠠᠷ ᠢ ᠪᠠᠳᠤᠯᠠᠨ ᠲᠣᠭᠲᠠᠭᠠᠬᠤ ᠨᠠᠷᠢᠨ ᠲᠣᠳᠣᠷᠬᠠᠶ ᠨᠥᠬᠦᠴᠡᠯ ᠢ ᠲᠣᠭᠲᠠᠭᠠᠵᠤ᠂ ᠠᠩᠬᠠᠨ ᠤ ᠰᠢᠯᠭᠠᠯᠲᠠ ᠶᠢ | ᠥᠩᠭᠡᠷᠡᠭᠦᠯᠦᠭᠰᠡᠨ ᠰᠠᠭᠤᠷᠢᠨ ᠭᠠᠵᠠᠷ ᠲᠤ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠦᠨᠡᠯᠡᠯᠲᠡ ᠬᠢᠯᠭᠡᠵᠦ᠂ ᠳᠡᠯᠭᠡᠨ ᠦᠵᠡᠭᠦᠯᠬᠦ | ᠠᠭᠤᠯᠭ᠎ᠠ ᠶᠢ ᠴᠢᠩᠭ᠎ᠠ ᠠᠳᠬᠤᠵᠤ᠂ ᠬᠠᠮᠤᠭ ᠡᠴᠦᠰ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠨᠡᠷᠡᠶᠢᠳᠬᠦ ᠪᠠᠷ ᠪᠠᠶᠢᠭ᠎ᠠ ᠰᠠᠭᠤᠷᠢᠨ ᠭᠠᠵᠠᠷ ᠲᠤ ︽ᠪᠥᠬᠦ ᠣᠷᠣᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠦᠶ᠋ᠯᠡᠳᠦᠯᠭᠡ ᠶᠢᠨ ᠰᠠᠭᠤᠷᠢᠨ ᠭᠠᠵᠠᠷ︾ ᠬᠡᠬᠦ ᠫᠠᠶᠢᠰᠠ ᠤᠯᠭᠤᠬᠤ ᠪᠤᠯᠤᠨ᠎ᠠ᠃ | | ᠦᠶ᠋ᠯᠡᠳᠦᠯᠭᠡ ᠶᠢᠨ ᠰᠠᠭᠤᠷᠢᠨ ᠭᠠᠵᠠᠷ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ 5 ᠵᠢᠯ ᠪᠦᠷᠢ ᠳᠤ ᠨᠢᠭᠡ ᠤᠳᠠᠭ᠎ᠠ ᠰᠢᠯᠭᠠᠨ ᠬᠢᠨᠠᠵᠤ ᠪᠠᠳᠤᠯᠠᠨ | ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠵᠢᠯ ᠪᠦᠷᠢ ᠪᠦᠬᠦ ᠣᠷᠣᠨ ᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠲᠤ ᠣᠨ ᠤ ᠬᠢᠨᠠᠨ ᠰᠢᠯᠭᠠᠯᠲᠠ ᠬᠢᠵᠦ᠂ ᠣᠨ ᠤ | ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠭᠡᠶ ᠪᠣᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ︔ ᠬᠤᠶᠠᠷ ᠵᠢᠯ | ᠳᠠᠷᠠᠭᠠᠯᠠᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠬᠦ ᠪᠠᠳᠤᠯᠠᠨ ᠲᠣᠭᠲᠠᠭᠠᠬᠤ | ᠨᠥᠬᠦᠴᠡᠯ ᠳᠤ ᠨᠡᠶᠢᠴᠡᠭᠰᠡᠨ ᠥᠬᠡᠶ ᠪᠣᠯᠪᠠᠯ ᠨᠡᠷᠡᠶᠢᠳᠦᠯ ᠢ ᠨᠢ ᠬᠦᠴᠦᠨ ᠥᠬᠡᠶ ᠪᠣᠯᠭᠠᠨ᠎ᠠ᠃ | |