ᠰᠤᠷᠪᠤᠯᠵᠢᠯᠠᠭ᠎ᠠ᠄ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠾᠦᠥᠸ᠋ ᠶᠦᠩ ᠪᠥᠸᠧ ᠲᠣᠰ | ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠬᠦ ᠪᠠᠷ ᠳᠠᠮᠵᠢᠭᠤᠯᠤᠨ᠂ ᠥᠷᠭᠡᠨ ᠣᠯᠠᠨ ᠦᠢᠯᠡᠴᠢᠯᠡᠭᠡᠨ ᠤ ᠪᠠᠶᠢᠭᠤᠯᠤᠮᠵᠢ ᠪᠠ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠪᠡᠳᠴᠢᠨ ᠡᠮᠬᠡᠭ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠠᠷᠭᠠᠴᠠᠵᠤ᠂ ᠡᠷᠡᠭᠦᠯ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ | ᠪᠣᠶ ᠪᠣᠯᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠂ ᠪᠥᠬᠦ ᠨᠡᠶᠢᠭᠡᠮ ᠢᠶᠠᠷ ᠢᠶᠠᠨ ᠪᠣᠯᠪᠠᠰᠤᠨ ᠡᠷᠡᠭᠦᠯ ᠠᠮᠢᠳᠤᠷᠠᠯ ᠤᠨ ᠰᠢᠨ᠎ᠡ | ᠬᠡᠪ ᠰᠤᠷᠲᠠᠯ ᠢ ᠪᠣᠶ ᠪᠣᠯᠭᠠᠬᠤ ᠶᠢ ᠲᠦᠯᠬᠢᠨ ᠠᠬᠢᠭᠤᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠶᠤᠯᠭᠦᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠤᠨ᠎ᠠ᠃ | ᠲᠣᠰ ᠤᠳᠠᠭᠠᠨ ᠤ ᠪᠤᠯᠪᠠᠰᠤᠷᠠᠯ ᠪᠠ ᠰᠣᠷᠢᠯᠲᠠ ᠪᠠᠷ ᠳᠡᠮᠵᠢᠨ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠳ ᠰᠦᠷᠢᠶ᠎ᠡ ᠡᠪᠡᠳᠴᠢᠨ᠂ ᠪᠣᠭᠤᠮ᠎ᠠ | ᠡᠪᠡᠳᠴᠢᠨ᠂ ᠪᠠᠭᠯᠠᠭᠴᠢ ᠬᠤᠷᠣᠬᠠᠢ ᠶᠢᠨ ᠡᠪᠡᠳᠴᠢᠨ ᠪᠠ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠤ ᠡᠬᠢᠨ ᠤ ᠬᠤᠭᠤᠴᠠᠭᠠᠨ ᠤ ᠢᠯᠭᠠᠨ | ᠲᠠᠨᠢᠬᠤ ᠶᠠᠪᠤᠴᠠ ᠶᠢ ᠡᠵᠡᠮᠰᠢᠵᠦ᠂ ᠮᠡᠳᠡᠭᠦᠯᠦᠯᠲᠡ ᠬᠢᠬᠦ᠂ ᠲᠤᠰᠠᠭᠠᠷᠯᠠᠨ ᠰᠢᠢᠳᠪᠦᠷᠢᠯᠡᠬᠦ ᠶᠠᠪᠤᠴᠠ ᠶᠢ ᠵᠢᠷᠤᠮᠵᠢᠭᠤᠯᠤᠨ᠂ ᠣᠷᠬᠢᠭᠳᠠᠭᠤᠯᠤᠨ ᠣᠨᠣᠰᠢᠯᠠᠬᠤ ᠪᠤᠶᠤ | ᠪᠤᠷᠤᠭᠤ ᠣᠨᠣᠰᠢᠯᠠᠭᠠᠳ ᠬᠢᠵᠢᠭ ᠤᠨ ᠪᠠᠶᠢᠳᠠᠯ ᠢ ᠳᠡᠯᠭᠡᠷᠡᠭᠦᠯᠬᠦ ᠠᠴᠠ ᠵᠠᠶᠢᠯᠠᠰᠬᠢᠬᠦ ᠲᠤᠬᠠᠢ ᠮᠡᠳᠡᠯᠬᠡ ᠶᠢ ᠤᠯᠠᠮ ᠨᠢᠬᠡ ᠠᠯᠬᠤᠮ ᠡᠵᠡᠮᠰᠢᠬᠦ ᠶᠢᠨ ᠬᠠᠮᠳᠤ᠂ ᠣᠯᠠᠨ | ᠨᠡᠶᠢᠲᠡ ᠶᠢᠨ ᠲᠠᠯᠠᠪᠤᠷ ᠤᠨ ᠠᠵᠢᠯᠲᠠᠳ ᠣᠷᠴᠢᠨ ᠠᠬᠤᠢ ᠶᠢᠨ ᠤᠰᠠᠳᠤᠯ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠵᠡᠷᠭᠡ ᠤᠷ᠎ᠠ ᠮᠡᠷᠭᠡᠵᠢᠯ ᠢ ᠰᠤᠷᠤᠯᠴᠠᠵᠤ᠂ ᠬᠤᠳᠠᠯᠳᠤᠭᠠᠨ ᠤ ᠲᠠᠯᠠᠪᠤᠷ᠂ ᠪᠠᠭᠤᠳᠠᠯ᠂ ᠰᠤᠷᠭᠠᠭᠤᠯᠢ ᠵᠡᠷᠭᠡ ᠲᠠᠯᠠᠪᠤᠷ ᠤᠨ ᠪᠠᠶᠢᠩᠭᠤ ᠶᠢᠨ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃ | |