ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠡᠶᠡᠳᠡᠭᠦᠯᠭᠡ ᠶᠢ ᠪᠠᠶᠢᠴᠠᠭᠠᠨ ᠰᠤᠳᠤᠯᠬᠤ ᠠᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/4
       5 ᠰᠠᠷ᠎ᠠ ᠶᠢᠨ 29 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠡᠶᠡᠳᠡᠭᠦᠯᠭᠡ ᠶᠢ ᠪᠠᠶᠢᠴᠠᠭᠠᠨ ᠰᠤᠳᠤᠯᠬᠤ ᠠᠵᠢᠯ ᠤᠨ ᠡᠬᠢᠯᠡᠯᠲᠡ ᠶᠢᠨ ᠬᠤᠷᠠᠯ ᠬᠢᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠭᠡᠰᠢᠭᠦᠨ᠂ ᠬᠡᠰᠡᠭ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠰᠠᠨ ᠵᠢᠱᠢᠭᠳᠡᠭᠴᠢ ᠬᠠᠰᠮᠠᠨᠳᠠ ᠪᠠᠶᠢᠷᠢᠯᠠᠭᠤᠯᠤᠯᠲᠠ ᠶᠢᠨ ᠬᠤᠷᠠᠯ ᠳᠤ ᠣᠷᠣᠯᠴᠠᠪᠠ᠃
20250531092217607820fl0_l.jpg
       ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ︽ᠠᠷᠠᠳ ᠤᠨ ᠡᠶᠡᠳᠡᠭᠦᠯᠭᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠲᠥᠰᠦᠯ︾ ᠢ ᠤᠩᠰᠢᠨ ᠨᠡᠶᠢᠲᠡᠯᠡᠭᠰᠡᠨ ᠪᠥᠭᠡᠳ ᠪᠣᠳᠠᠲᠠᠶ ᠱᠠᠭᠠᠷᠳᠠᠯᠭ᠎ᠠ ᠶᠢᠨ ᠲᠤᠬᠠᠶ ᠲᠣᠳᠣᠷᠬᠠᠶᠢᠯᠠᠯᠲᠠ ᠬᠢᠪᠠ᠃ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠥᠬᠦ ᠬᠤᠰᠢᠭᠤᠨ ᠤ ᠠᠷᠠᠳ ᠤᠨ ᠡᠶᠡᠳᠡᠭᠦᠯᠭᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃
20250530115004035lo806z_l.png
       ᠬᠠᠰᠮᠠᠨᠳᠠ ᠴᠢᠬᠤᠯᠠᠴᠢᠯᠠᠭᠰᠠᠨ ᠨᠢ᠂ ᠠᠷᠠᠳ ᠤᠨ ᠡᠶᠡᠳᠡᠭᠦᠯᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠲᠠᠨᠢᠬᠤ ᠬᠡᠷᠡᠭᠲᠡᠢ᠃ ᠠᠷᠠᠳ ᠤᠨ ᠡᠶᠡᠳᠡᠭᠦᠯᠭᠡ ᠶᠢᠨ ᠠᠵᠢᠯ ᠳᠤ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠬᠦ ᠶᠢ ᠲᠡᠷᠢᠭᠦᠨ ᠳᠤ ᠲᠠᠯᠪᠢᠬᠤ᠂ ᠬᠠᠤᠯᠢ ᠶᠣᠰᠣᠭᠠᠷ ᠡᠶᠡᠳᠡᠭᠦᠯᠬᠦ᠂ ᠮᠥᠨ ᠴᠢᠨᠠᠷ ᠢᠶᠠᠷ ᠡᠶᠡᠳᠡᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠪᠠᠶᠢᠳᠠᠯ ᠳᠣᠤᠷᠠᠬᠢ ᠠᠷᠠᠳ ᠤᠨ ᠳᠣᠲᠣᠭᠠᠳᠤ ᠶᠢᠨ ᠵᠥᠷᠢᠴᠡᠯ ᠢ ᠵᠥᠪ ᠰᠢᠢᠤᠨᠪᠤᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ  ᠰᠢᠢᠤᠨᠪᠤᠷᠢᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃        ᠬᠠᠰᠮᠠᠨᠳᠠ ᠱᠠᠭᠠᠷᠳᠠᠭᠰᠠᠨ ᠨᠢ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯ ᠤᠨ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠨᠢᠭᠡᠴᠡ ᠨᠦᠭᠦᠳ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠪᠠᠶᠢᠴᠠᠭᠠᠨ ᠰᠤᠳᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠭᠦᠨᠵᠡᠭᠡᠶ᠂ ᠦᠨᠡᠨ ᠢ ᠡᠷᠬᠢᠮᠯᠡᠬᠦ᠂ ᠨᠠᠷᠢᠯᠢᠭ ᠪᠠᠶᠢᠬᠤ ᠶᠢ ᠡᠷᠬᠢᠮᠯᠡᠬᠦ᠂ ᠣᠨᠣᠪᠴᠢᠲᠠᠶ ᠪᠠᠶᠢᠬᠤ ᠶᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ᠬᠢᠴᠢᠶᠡᠯ ᠢᠶᠠᠨ ᠤᠷᠢᠳᠴᠢᠯᠠᠨ ᠰᠠᠶᠢᠲᠤᠷ ᠬᠢᠵᠦ᠂ ᠪᠠᠶᠢᠴᠠᠭᠠᠨ ᠰᠤᠳᠤᠯᠬᠤ ᠭᠤᠤᠯᠳᠠᠯᠭ᠎ᠠ ᠪᠠᠨ ᠳᠣᠪᠤᠶᠢᠯᠭᠠᠨ᠂ ᠪᠥᠬᠦ ᠬᠤᠰᠢᠭᠤᠨ ᠤ ᠠᠷᠠᠳ ᠤᠨ ᠡᠶᠡᠳᠡᠭᠦᠯᠬᠦ ᠠᠵᠢᠯ ᠤᠨ ᠳᠠᠬᠢᠨ ᠰᠢᠨ᠎ᠡ ᠠᠮᠵᠢᠯᠲᠠ ᠭᠠᠷᠭᠠᠵᠤ᠂ ᠳᠠᠬᠢᠨ ᠰᠢᠨ᠎ᠡ ᠳᠡᠭᠲᠡᠷ ᠲᠤ ᠭᠠᠷᠬᠤ ᠶᠢ  ᠦᠨᠡᠨᠬᠦ ᠠᠬᠢᠭᠤᠯᠬᠤ ᠬᠡᠷᠡᠭᠲᠡᠶ ᠬᠡᠪᠡ᠃         ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠬᠦ ᠪᠦᠷᠢᠯᠳᠦᠬᠦᠨ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠲᠦᠮᠡᠨ ᠤ ᠡᠶᠡᠳᠡᠭᠦᠯᠭᠡ ᠶᠢᠨ ᠬᠠᠤᠯᠢ︾ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠭᠤᠯᠭ᠎ᠠ ᠶᠢ ᠰᠤᠷᠤᠯᠴᠠᠪᠠ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ