2025 ᠣᠨ ᠤ ᠨᠢᠭᠡᠳᠦᠭᠡᠷ ᠤᠯᠠᠷᠢᠯ ᠳᠤ ᠬᠠᠭᠤᠴᠢᠨ ᠪᠠᠷᠭᠤ ᠬᠤᠰᠢᠭᠤᠨ ᠤ ᠠᠵᠤ ᠠᠬᠤᠶ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2025/6/4
        ᠡᠨᠡ ᠵᠢᠯ ᠠᠴᠠ ᠨᠠᠭᠠᠰᠢ᠂ ᠬᠠᠭᠤᠴᠢᠨ ᠪᠠᠷᠭᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠪᠠ᠃ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠠᠵᠤ ᠠᠬᠤᠶ ᠶᠢᠨ  ᠡᠷᠬᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠰᠠᠶᠢᠵᠢᠷᠠᠪᠠ᠃ ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠢᠭᠡᠳᠦᠯᠲᠡᠶ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 28.39 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠬᠠᠩᠰᠢ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠠᠵᠤ ᠦᠢᠯᠡᠰ ᠢᠶᠠᠷ  ᠬᠤᠪᠢᠶᠠᠷᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 23.05 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4.87 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ 
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ