ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ᠂ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ | ᠬᠠᠮᠲᠤ ᠪᠠᠷ ᠡᠳ᠋ᠯᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠪᠠ︶ ᠢ ᠨᠡᠶᠢᠲᠡᠯᠡᠵᠦ᠂ 2025 ᠣᠨ ᠤ 8 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠳᠦᠷᠢᠮ︾ ᠨᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠬᠠᠮᠲᠤ ᠪᠠᠷ ᠡᠳ᠋ᠯᠡᠵᠦ | ᠠᠰᠢᠭᠯᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠳ᠋ᠢᠭᠢᠳ᠋ᠴᠢᠯᠡᠭᠰᠡᠨ ᠵᠠᠰᠠᠯᠲᠠ ᠶᠢᠨ ᠴᠢᠳᠠᠪᠤᠷᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ | ᠴᠢᠳᠠᠮᠵᠢ ᠶᠢ ᠳᠡᠭᠡᠭᠰᠢᠯᠡᠭᠦᠯᠵᠦ᠂ ᠳ᠋ᠢᠭᠢᠲ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠬᠤ ᠪᠠᠷ ᠵᠣᠷᠢᠯᠭ᠎ᠠ ᠪᠣᠯᠭᠠᠪᠠ᠃ ︽ᠳᠦᠷᠢᠮ︾ ᠨᠢ ᠨᠡᠶᠢᠲᠡ 8 | ᠪᠦᠯᠦᠭ 44 ᠵᠦᠢᠯ ᠲᠠᠢ᠂ ᠭᠤᠣᠯᠳᠠᠭᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠪᠠ᠃ | ᠨᠢᠭᠡ ᠳᠤ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠵᠢᠯ ᠳᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠪᠠᠷᠢᠮᠵᠢᠶ᠎ᠠ ᠶᠢ ᠨᠢᠭᠡᠳᠬᠡᠬᠦ᠂ ᠬᠠᠤᠯᠢ ᠶᠣᠰᠣᠭᠠᠷ ᠬᠠᠮᠲᠤ ᠪᠠᠷ | ᠡᠳ᠋ᠯᠡᠬᠦ᠂ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠡᠵᠡᠮᠳᠡᠬᠦ᠋ᠢᠴᠡ ᠵᠠᠷᠴᠢᠮ ᠢ ᠵᠢᠷᠤᠮᠯᠠᠨ᠎ᠠ ᠭᠡᠵᠦ ᠲᠣᠭᠲᠠᠭᠠᠪᠠ᠃ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠵᠢᠴᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠪᠠ᠃ | ᠬᠤᠶᠠᠷ ᠲᠤ ᠭᠠᠷᠴᠠᠭ ᠤᠨ ᠬᠠᠮᠢᠶᠠᠷᠤᠯᠲᠠ ᠶᠢ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠳ᠋ᠠᠶᠢᠲ᠋ᠠ ᠳᠤ ᠨᠢᠭᠡᠳᠦᠯᠲᠡᠢ ᠭᠠᠷᠴᠠᠭ ᠤᠨ ᠬᠠᠮᠢᠶᠠᠷᠤᠯᠲᠠ | ᠬᠡᠷᠡᠭᠵᠢᠭᠦᠯᠬᠦ ᠶᠢ ᠲᠣᠭᠲᠠᠭᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠨᠡᠶᠢᠲᠡᠯᠡᠬᠦ ᠵᠢᠴᠢ ᠬᠥᠳᠡᠯᠦᠩᠭᠦᠢ ᠪᠠᠷ ᠰᠢᠨᠡᠳᠬᠡᠬᠦ | ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠠᠷᠢᠶᠠᠯᠠᠯ ᠤᠨ ᠠᠩᠭᠢᠯᠠᠯ ᠢ ᠲᠣᠭᠲᠠᠭᠠᠵᠤ᠂ | ᠳᠤᠷ᠎ᠠ ᠪᠠᠷ ᠢᠶᠠᠨ ᠨᠥᠬᠦᠴᠡᠯ ᠨᠡᠮᠡᠵᠦ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠶᠢ ᠬᠠᠷᠰᠢᠯᠠᠬᠤ ᠪᠠ ᠨᠥᠯᠥᠭᠡᠯᠡᠬᠦ ᠶᠢ ᠨᠢ ᠬᠤᠷᠢᠭᠯᠠᠬᠤ ᠪᠠᠷ | ᠲᠣᠭᠲᠠᠭᠠᠪᠠ᠃ | ᠭᠤᠷᠪᠠ ᠳᠤ ᠬᠠᠮᠲᠤ ᠪᠠᠷ ᠡᠳ᠋ᠯᠡᠵᠦ ᠬᠡᠷᠡᠭᠯᠡᠬᠦ ᠱᠠᠭᠠᠷᠳᠠᠯᠭ᠎ᠠ ᠶᠢ ᠨᠠᠷᠢᠯᠢᠭᠵᠢᠭᠤᠯᠪᠠ᠃ ᠬᠠᠮᠲᠤ ᠳᠤ ᠪᠠᠨ ᠡᠳ᠋ᠯᠡᠬᠦ ᠪᠠᠷ ᠳᠠᠮᠵᠢᠭᠤᠯᠤᠨ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠣᠯᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠳᠤ ᠭᠦᠷᠪᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ | ᠳᠠᠬᠢᠨ ᠳᠠᠪᠲᠠᠨ ᠴᠤᠭᠯᠠᠭᠤᠯᠵᠤ ᠪᠣᠯᠬᠤ ᠦᠭᠡᠢ ᠭᠡᠵᠦ ᠲᠣᠭᠲᠠᠭᠠᠭᠰᠠᠨ ᠪᠥᠭᠡᠳ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠲᠦᠷᠦᠭᠦᠯᠡᠨ ᠴᠤᠭᠯᠠᠭᠤᠯᠬᠤ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠳᠤ ᠪᠠᠨ ᠡᠳ᠋ᠯᠡᠬᠦ ᠪᠠᠷ | ᠭᠤᠶᠤᠴᠢᠯᠠᠬᠤ᠂ ᠬᠠᠷᠢᠭᠤᠯᠬᠤ ᠴᠤᠪᠤᠷᠠᠯ ᠵᠢᠴᠢ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠢ ᠨᠠᠷᠢᠯᠢᠭᠵᠢᠭᠤᠯᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠶᠠᠰᠤ | ᠴᠢᠨᠠᠷ ᠤᠨ ᠬᠠᠮᠢᠶᠠᠷᠤᠯᠲᠠ᠂ ᠬᠠᠷᠭᠤᠭᠤᠯᠤᠨ ᠵᠠᠯᠠᠷᠠᠭᠤᠯᠬᠤ ᠵᠢᠴᠢ ᠬᠠᠮᠲᠤ ᠪᠠᠷ ᠡᠳ᠋ᠯᠡᠬᠦ ᠳᠤ ᠡᠭᠦᠰᠦᠭᠰᠡᠨ ᠮᠠᠷᠭᠤᠯᠳᠤᠭᠠᠨ ᠢ ᠰᠢᠢᠳᠪᠦᠷᠢᠯᠡᠬᠦ ᠲᠣᠭᠲᠠᠴᠠ ᠶᠢ ᠨᠢ | ᠲᠣᠳᠣᠷᠬᠠᠶᠢᠯᠠᠪᠠ᠃ ᠳᠡᠭᠡᠳᠦ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠨᠢ ᠳᠣᠣᠷᠠᠳᠤ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ | ᠤᠷᠢᠲᠠᠯ ᠳᠣᠣᠷ᠎ᠠ᠂ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠴᠠᠭ ᠲᠤᠬᠠᠢ ᠳᠤ ᠨᠢ᠂ ᠪᠦᠷᠢᠨ ᠪᠦᠲᠦᠨ ᠢᠶᠠᠷ ᠪᠤᠴᠠᠭᠠᠯᠭᠠᠬᠤ ᠶᠢ ᠲᠣᠭᠲᠠᠭᠠᠪᠠ᠃ | ᠳᠥᠷᠪᠡ ᠳᠤ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠪᠠ᠃ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ | ᠲᠣᠭᠲᠠᠯᠴᠠᠭ᠎ᠠ ᠶᠢ ᠨᠡᠶᠢᠳᠬᠡᠵᠦ ᠪᠠᠶᠢᠭᠤᠯᠬᠤ ᠪᠠᠷ ᠲᠣᠭᠲᠠᠭᠠᠵᠤ᠂ ᠪᠠᠶᠢᠭᠤᠯᠤᠭᠠᠳ ᠪᠠᠶᠢᠭ᠎ᠠ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠲᠠᠪᠴᠠᠩ ᠢ ᠨᠢ ᠪᠥᠬᠦ | ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠳᠤ ᠣᠷᠣᠭᠤᠯᠬᠤ ᠪᠠᠷ ᠱᠠᠭᠠᠷᠳᠠᠵᠤ᠂ ᠵᠠᠰᠠᠭ ᠤᠨ ᠶᠠᠪᠤᠳᠠᠯ ᠤᠨ | ᠳ᠋ᠠᠶᠢᠲ᠋ᠠ ᠶᠢ ᠬᠠᠮᠲᠤ ᠪᠠᠷ ᠡᠳ᠋ᠯᠡᠵᠦ ᠰᠣᠯᠢᠯᠴᠠᠬᠤ ᠰᠢᠰᠲ᠋ᠧᠮ ᠢ ᠵᠠᠷᠴᠢᠮ ᠳᠡᠭᠡᠷ᠎ᠡ ᠪᠠᠨ ᠰᠢᠨ᠎ᠡ ᠪᠠᠷ ᠪᠠᠶᠢᠭᠤᠯᠬᠤ ᠦᠭᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠳ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠪᠠᠷ ᠵᠠᠰᠠᠭ ᠤᠨ ᠶᠠᠪᠤᠳᠠᠯ ᠤᠨ | ᠳ᠋ᠠᠶᠢᠲ᠋ᠠ ᠶᠢᠨ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠲᠠᠪᠤ ᠳᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ᠃ ᠬᠡᠨ ᠬᠠᠮᠢᠶᠠᠷᠪᠠᠯ ᠲᠡᠷᠡ ᠬᠠᠷᠢᠭᠤᠴᠠᠬᠤ᠂ ᠬᠡᠨ ᠬᠡᠷᠡᠭᠯᠡᠪᠡᠯ ᠲᠡᠷᠡ ᠬᠠᠷᠢᠭᠤᠴᠠᠬᠤ ᠵᠠᠷᠴᠢᠮ | ᠶᠣᠰᠣᠭᠠᠷ ᠡᠯ᠎ᠡ ᠭᠤᠭᠴᠣᠭᠠᠨ ᠳᠠᠬᠢ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠠᠤᠯᠢ ᠶᠣᠰᠣᠭᠠᠷ ᠬᠠᠮᠲᠤ ᠡᠳ᠋ᠯᠡᠬᠦ ᠶᠠᠪᠤᠴᠠ ᠳᠤᠮᠳᠠᠬᠢ ᠬᠡᠷᠡᠭᠴᠡᠭᠡ ᠲᠠᠢ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠬᠤᠯᠠᠴᠢᠯᠠᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠨᠠᠶᠢᠳᠠᠯᠭ᠎ᠠ ᠬᠦᠯᠢᠶᠡᠭᠰᠡᠨ ᠲᠠᠯ᠎ᠠ ᠶᠢᠨ ᠬᠢᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠠᠮᠤᠷ | ᠲᠦᠪᠰᠢᠨ ᠢ ᠬᠠᠮᠠᠭᠠᠯᠠᠬᠤ ᠡᠭᠦᠷᠭᠡ ᠶᠢ ᠨᠢ ᠨᠠᠷᠢᠯᠢᠭᠵᠢᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ | ᠰᠢᠢᠳᠪᠦᠷᠢᠯᠡᠬᠦ ᠱᠠᠭᠠᠷᠳᠠᠯᠭ᠎ᠠ ᠶᠢ ᠨᠢ ᠲᠣᠳᠣᠷᠬᠠᠶᠢᠯᠠᠪᠠ᠃ ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠵᠠᠷᠤᠳᠠᠯ ᠤᠨ ᠪᠠᠲᠤᠯᠠᠭ᠎ᠠ ᠪᠠ ᠲᠥᠰᠥᠪ ᠤᠨ | ᠬᠠᠮᠢᠶᠠᠷᠤᠯᠲᠠ ᠶᠢᠨ ᠱᠠᠭᠠᠷᠳᠠᠯᠭ᠎ᠠ ᠶᠢ ᠳᠤᠷᠠᠳᠪᠠ᠃ | |