ᠬᠦᠬᠡᠨᠠᠭᠤᠷ ᠪᠠᠯᠭᠠᠰᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2025/6/5
    ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂  ᠦᠢᠷ᠎ᠠ ᠶᠢᠨ ᠡᠳᠦᠷ᠂  ᠬᠦᠬᠡᠨᠠᠭᠤᠷ ᠪᠠᠯᠭᠠᠰᠤᠨ ᠳᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠥᠷᠨᠢᠭᠦᠯᠵᠦ᠂ ᠺᠠᠳ᠋ᠷ ᠠᠵᠢᠯᠲᠠᠨ ᠢ ᠬᠥᠲᠥᠯᠥᠨ ᠵᠢᠯᠣᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠢ ᠠᠬᠢᠭᠤᠯᠪᠠ᠃
20250530092143950apo9fh_l.png  
       ᠰᠤᠷᠤᠯᠴᠠᠯᠭ᠎ᠠ ᠶᠢᠨ ᠬᠤᠷᠠᠯ ᠳᠡᠭᠡᠷ᠎ᠡ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾ ᠤᠨ ᠬᠠᠤᠯᠢ ᠲᠣᠭᠲᠠᠭᠠᠭᠰᠠᠨ ᠠᠬᠤᠶ ᠪᠠᠶᠢᠳᠠᠯ᠂ ᠭᠤᠤᠯ ᠠᠭᠤᠯᠭ᠎ᠠ ᠪᠠ ᠬᠡᠷᠡᠭᠵᠢᠭᠦᠯᠬᠦ ᠠᠴᠢ ᠬᠤᠯᠪᠣᠭᠳᠠᠯ ᠢ ᠭᠤᠤᠯᠳᠠᠯᠭ᠎ᠠ ᠲᠠᠢ ᠲᠠᠶᠢᠯᠪᠤᠷᠢᠯᠠᠵᠤ᠂ ᠠᠵᠢᠯᠲᠠᠳ ᠲᠤ ᠲᠦᠷᠢᠮ ᠤᠨ ᠲᠤᠬᠠᠶ ᠨᠠᠩ ᠪᠥᠬᠦ ᠲᠠᠯ᠎ᠠ ᠶᠢᠨ᠂ ᠨᠠᠩ ᠭᠦᠨᠵᠡᠭᠡᠶ ᠣᠶᠢᠯᠠᠭᠠᠯᠲᠠ ᠲᠠᠢ ᠪᠣᠯᠭᠠᠪᠠ᠃
2025053009214388815ezn2_l.png    
        ᠲᠣᠰ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠦᠨᠳᠦᠰᠦᠲᠡᠨ ᠤ ᠠᠵᠢᠯ ᠤᠨ ᠴᠢᠬᠤᠯᠠ ᠦᠵᠡᠯ ᠰᠠᠨᠠᠭ᠎ᠠ ᠪᠠ ᠬᠠᠤᠯᠢ ᠴᠠᠭᠠᠵᠠ ᠶᠢᠨ ᠲᠦᠷᠢᠮ ᠢ ᠭᠦᠨᠵᠡᠭᠡᠶ ᠣᠶᠢᠯᠠᠭᠠᠵᠤ᠂ ᠲᠡᠭᠦᠨ ᠢ ᠡᠳᠦᠷ ᠲᠤᠲᠤᠮ ᠤᠨ ᠠᠵᠢᠯ ᠤᠨ ᠳᠤᠮᠳᠠ ᠪᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠨ᠎ᠠ ᠭᠡᠵᠦ ᠣᠯᠠᠨ ᠢᠶᠠᠷ ᠢᠶᠠᠨ ᠰᠠᠨᠠᠯ ᠨᠢᠭᠡᠲᠡᠶ ᠢᠯᠡᠷᠬᠡᠶᠢᠯᠡᠪᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ