| | ᠰᠤᠷᠪᠤᠯᠵᠢᠯᠠᠭᠴᠢ ᠣᠯᠠᠨ ᠠᠭᠠᠷ ᠤᠨ ᠠᠶᠠᠯᠠᠯ ᠤᠨ ᠺᠣᠮᠫᠠᠨᠢ ᠠᠴᠠ ᠣᠶᠢᠯᠠᠭᠠᠭᠰᠠᠨ ᠢᠶᠠᠷ᠂ 2025 ᠣᠨ ᠤ 6 ᠰᠠᠷ᠎ᠠ ᠶᠢᠨ 5 ᠤ ᠡᠳᠦᠷ ᠠᠴᠠ ᠡᠬᠢᠯᠡᠨ | ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠲᠠᠲᠠᠪᠤᠷᠢᠯᠠᠬᠤ | ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠠ᠃ ᠡᠭᠦᠨ ᠳᠤ᠄ · 800 ᠺᠢᠯᠣᠮᠧᠳ᠋ᠷ ︵ᠪᠠᠭᠲᠠᠨ᠎ᠠ︶ ᠠᠴᠠ ᠳᠣᠷᠣᠭᠰᠢᠬᠢ ᠠᠭᠠᠷ ᠤᠨ ᠠᠶᠠᠯᠠᠯ ᠤᠨ ᠱᠤᠭᠤᠮ ᠳᠤ | ᠨᠠᠰᠤᠨ ᠳᠤ ᠭᠦᠷᠦᠭᠰᠡᠨ ᠠᠶᠠᠨᠴᠢᠳ ᠠᠴᠠ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠦᠭᠡᠶ︔ · 800 ᠺᠢᠯᠣᠮᠧᠳ᠋ᠷ ᠠᠴᠠ ᠳᠡᠭᠡᠭᠰᠢᠬᠢ | ᠠᠭᠠᠷ ᠤᠨ ᠠᠶᠠᠯᠠᠯ ᠤᠨ ᠱᠤᠭᠤᠮ ᠳᠤ ᠨᠠᠰᠤᠨ ᠳᠤ ᠭᠦᠷᠦᠭᠰᠡᠨ ᠠᠶᠠᠨᠴᠢᠳ ᠨᠢᠭᠡᠪᠦᠷᠢ ᠠᠴᠠ 10 ᠲᠥᠭᠦᠷᠢᠭ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ | ᠰᠦᠢᠳᠬᠡᠯ ᠬᠤᠷᠢᠶᠠᠨ᠎ᠡ᠂ ᠡᠭᠦᠨ ᠢ ᠲᠣᠬᠢᠷᠠᠭᠤᠯᠤᠯᠲᠠ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ 10 ᠲᠥᠭᠦᠷᠢᠭ ᠪᠠᠭᠤᠷᠠᠭᠰᠠᠨ ᠪᠠᠶᠢᠨ᠎ᠠ᠃ | |