ᠡᠷᠦᠬᠡ ᠳᠤ ᠣᠷᠣᠬᠤ ᠪᠠᠶᠢᠴᠠᠭᠠᠯᠲᠠ ᠨᠢᠭᠡᠨᠲᠡ ᠡᠬᠢᠯᠡᠪᠡ
ᠨᠡᠶᠢᠲᠡᠯᠡᠭᠰᠡᠨ ᠴᠠᠭ᠄
2025/6/5
         ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠲᠦᠷᠦᠭᠦᠬᠡᠨ ︽ᠬᠥᠮᠦᠨ ᠠᠮᠠ ᠶᠢᠨ ᠲᠣᠭᠲᠠᠮᠠᠯ ᠥᠯᠢᠭᠡᠷ ᠬᠡᠪ ᠠᠪᠬᠤ ᠳᠤ ᠰᠤᠷᠪᠤᠯᠵᠢᠯᠠᠬᠳᠠᠬᠤ ᠡᠳᠡᠭᠡᠳ ᠲᠤ ᠦᠭᠭᠦᠭᠰᠡᠨ ᠵᠠᠬᠢᠳᠠᠯ︾ ᠢ ᠨᠡᠶᠢᠲᠡᠯᠡᠵᠦ᠂ 2025 ᠣᠨ ᠳᠤ ᠪᠥᠬᠦ ᠤᠯᠤᠰ ᠤᠨ ᠬᠡᠪᠴᠢᠶᠡᠨ ᠳᠤ ᠬᠥᠮᠦᠨ ᠠᠮᠠ ᠶᠢᠨ ᠲᠣᠭᠲᠠᠮᠠᠯ ᠥᠯᠢᠭᠡᠷ ᠬᠡᠪ ᠠᠪᠬᠤ ᠪᠠᠷ ᠬᠤᠶᠠᠷ ᠤᠳᠠᠭ᠎ᠠ ᠮᠦᠷᠳᠡᠨ ᠰᠤᠷᠪᠤᠯᠵᠢᠯᠠᠬᠤ ᠪᠠᠶᠢᠴᠠᠭᠠᠯᠲᠠ ᠬᠢᠨ᠎ᠡ ᠭᠡᠵᠦ ᠲᠣᠭᠲᠠᠪᠠ᠃ ᠬᠤᠶᠠᠷ ᠤᠳᠠᠭᠠᠨ ᠤ ᠪᠠᠶᠢᠴᠠᠭᠠᠯᠲᠠ ᠶᠢᠨ ᠪᠠᠷᠢᠮᠵᠢᠶᠠᠲᠤ ᠴᠠᠭ ᠨᠢ ᠲᠣᠰ ᠲᠣᠰ 6 ᠰᠠᠷ᠎ᠠ ᠶᠢᠨ 1 ᠤ ᠡᠳᠦᠷ ᠤᠨ ᠲᠡᠭ ᠴᠠᠭ ᠪᠠ 11 ᠰᠠᠷ᠎ᠠ ᠶᠢᠨ 1 ᠤ ᠡᠳᠦᠷ ᠤᠨ ᠲᠡᠭ ᠴᠠᠭ ᠪᠤᠯᠤᠨ 11 ᠰᠠᠷ᠎ᠠ ᠶᠢᠨ 16 ᠤ ᠡᠳᠦᠷ ᠠᠴᠠ 12 ᠰᠠᠷ᠎ᠠ ᠶᠢᠨ 5 ᠤ ᠡᠳᠦᠷ ᠤᠨ ᠬᠤᠭᠤᠷᠣᠨᠳᠤᠬᠢ ᠬᠤᠭᠤᠴᠠᠭᠠᠨ ᠳᠤ ᠪᠠᠶᠢᠴᠠᠭᠠᠬᠤ ᠠᠵᠢᠯᠲᠠᠨ ᠡᠷᠦᠬᠡ ᠳᠤ ᠤᠷᠤᠵᠤ ᠪᠠᠶᠢᠴᠠᠭᠠᠯᠲᠠ ᠬᠢᠨ᠎ᠠ᠃  
ᠢᠷᠡᠯᠲᠡ᠄ ᠠᠷᠠᠳ ᠤᠨ ᠰᠦᠯᠵᠢᠶ᠎ᠡ