ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.5.25-2025.5.31︶
ᠨᠡᠶᠢᠲᠡᠯᠡᠭᠰᠡᠨ ᠴᠠᠭ᠄
2025/6/5
    ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃    ᠤᠳᠤᠷᠢᠳᠤᠯᠭ᠎ᠠ ᠶᠢᠨ ᠠᠵᠢᠯᠯᠠᠭ᠎ᠠ    ᠰᠦᠨ ᠱᠣᠤ ᠴᠧᠩ    ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠢ ᠰᠢᠮᠳᠠᠭᠤᠯᠤᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠢᠶᠠᠷ ᠬᠦᠷᠴᠦ ᠠᠵᠢᠯᠯᠠᠬᠤ ᠲᠠᠶᠢᠴᠢᠯᠠᠯᠳᠠ ᠬᠢᠪᠡ    5 ᠳ᠋ᠤᠭᠠᠷ ᠰᠠᠷ᠎ᠠ ᠶᠢᠨ 28 ᠤ ᠡᠳᠦᠷ᠂ ᠰᠢᠮᠳᠠᠭᠤᠯᠤᠨ ᠪᠠᠶᠢᠴᠠᠭᠠᠵᠤ ᠬᠦᠷᠴᠦ ᠠᠵᠢᠯᠯᠠᠬᠤ ᠳᠠᠶᠢᠴᠢᠯᠠᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠣᠣ ᠽᠧᠩ ᠺᠧ᠂ ᠳᠤᠭᠤᠶᠢᠯᠠᠩ ᠤᠨ ᠳᠡᠳ᠋ ᠳᠠᠷᠤᠭ᠎ᠠ ᠵᠠᠶ ᠴᠢᠩ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠶ ᠲᠣᠰ ᠲᠣᠰ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠤ ᠴᠧᠩ ᠬᠦᠷᠴᠦ ᠠᠵᠢᠯᠯᠠᠭᠤᠯᠬᠤ ᠳᠠᠶᠢᠴᠢᠯᠠᠯᠲᠠ ᠬᠢᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠢ ᠡᠷᠬᠢᠯᠡᠪᠡ    5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯᠳᠤᠭᠠᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠤᠰ ᠬᠤᠷᠠᠯ ᠢ ᠡᠷᠬᠢᠯᠡᠪᠡ᠃    ᠸᠠᠩ ᠯᠢ ᠰᠢᠶᠠ    ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ    5 ᠳ᠋ᠤᠭᠠᠷ ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ᠃    ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠬᠢᠯᠢ ᠬᠢᠵᠠᠭᠠᠷ ᠤᠷᠤᠨ ᠳᠤ ᠣᠴᠢᠬᠤᠢ • ᠦᠪᠦᠷ ᠮᠤᠩᠭᠤᠯ ᠳᠠᠬᠢ ᠠᠶᠠᠯᠠᠯ︾ ᠤᠨ ᠠᠵᠢᠯᠯᠠᠭ᠎ᠠ ᠳᠡᠭᠡᠷ᠎ᠡ ᠪᠠᠶᠠᠷ ᠤᠨ ᠦᠭᠡ ᠬᠡᠯᠡᠪᠡ    5 ᠳ᠋ᠤᠭᠠᠷ ᠰᠠᠷ᠎ᠠ ᠶᠢᠨ 29 ᠤ ᠡᠳᠦᠷ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠠᠴᠠ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠭᠰᠡᠨ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠤᠷᠤᠨ ᠳᠤ ᠣᠴᠢᠬᠤᠢ • ᠦᠪᠦᠷ ᠮᠤᠩᠭᠤᠯ ᠳᠠᠬᠢ ᠠᠶᠠᠯᠠᠯ︾ ᠤᠨ ᠠᠵᠢᠯᠯᠠᠭ᠎ᠠ ᠨᠢ ᠪᠠᠶᠠᠨᠨᠠᠭᠤᠷ ᠲᠤ ᠶᠠᠪᠤᠭᠳᠠᠪᠠ᠃ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠫᠠᠨ ᠶᠤᠸᠠᠢ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠱᠧᠨ ᠶᠢᠩ ᠲᠤᠰ ᠲᠤᠰ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠦᠭᠡ ᠬᠡᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠲᠤᠰ ᠠᠵᠢᠯᠯᠠᠭ᠎ᠠ ᠶᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠴᠢ᠊ ᠪᠠᠲᠤ ᠪᠠᠶᠢᠳᠠᠯ ᠢ ᠲᠠᠨᠢᠯᠴᠠᠭᠤᠯᠪᠠ᠃ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠹᠠᠩ ᠭᠤᠸᠠᠩ ᠬᠤᠸᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠲᠡᠷᠢᠭᠦᠯᠡᠭᠴᠢ ᠠᠨ ᠷᠦᠨ ᠱᠧᠩ ᠲᠤᠰ ᠠᠵᠢᠯᠯᠠᠭ᠎ᠠ ᠳᠤ ᠣᠷᠣᠯᠴᠠᠵᠠᠢ᠃    ᠲᠦᠷᠦ ᠶᠢᠨ ᠪᠣᠳᠣᠯᠭ᠎ᠠ ᠶᠢᠨ ᠨᠡᠶᠢᠲᠡᠯᠡᠯ    2025 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠯᠤᠭ᠎ᠠ ᠬᠤᠯᠪᠣᠭᠳᠠᠬᠤ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ    ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2025 ᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠯᠤᠭ᠎ᠠ ᠬᠤᠯᠪᠣᠭᠳᠠᠬᠤ ᠵᠦᠢᠯᠡᠰ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠥᠰᠥᠭ ︹2025︺ 86 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯᠳᠤᠭᠠᠨ ᠬᠢᠭᠡᠳ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠬᠤ ᠶᠢᠨ ᠲᠥᠯᠥᠭᠡ᠂ ᠡᠳᠦᠭᠡ 2025 ᠣᠨ ᠤ ᠪᠥᠬᠦ ᠣᠷᠣᠨ ᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠯᠤᠭ᠎ᠠ ᠬᠤᠯᠪᠣᠭᠳᠠᠬᠤ ᠵᠦᠢᠯᠡᠰ ᠢ ᠮᠡᠳᠡᠭᠳᠡᠪᠡ᠃   
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ