︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ᠢ 7 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2025/6/5
    5 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠤᠨ ᠬᠠᠤᠯᠢ ᠲᠣᠭᠲᠠᠭᠠᠭᠰᠠᠨ ᠪᠠᠶᠢᠳᠠᠯ ᠪᠠ ᠲᠠᠷᠠᠭᠠᠴᠢ ᠶᠢᠨ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ ᠲᠤᠬᠠᠢ ᠨᠡᠶᠢᠲᠡᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ︽ᠳᠦᠷᠢᠮ︾ ᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ︽ᠳᠦᠷᠢᠮ︾ ᠢ ᠪᠦᠭᠦ ᠲᠠᠯ᠎ᠠ ᠪᠠᠷ ᠵᠥᠪ ᠣᠨᠣᠪᠴᠢᠲᠠᠶ ᠪᠦᠲᠦᠮᠵᠢᠲᠡᠶ ᠬᠡᠷᠡᠭᠵᠢᠭᠦᠯᠬᠦ ᠶᠢ ᠠᠬᠢᠭᠤᠯᠬᠤ ᠶᠢ ᠵᠣᠷᠢᠪᠠ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠶᠡᠷᠦᠩᠬᠡᠢ ᠳᠤᠨᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠷᠢᠭᠤᠴᠠᠯᠭᠠᠲᠠᠨ ᠨᠥᠬᠦᠳ ︽ᠳᠦᠷᠢᠮ︾ ᠢ ᠨᠡᠶᠢᠲᠡᠯᠡᠭᠰᠡᠨ ᠠᠬᠤᠢ ᠪᠠᠶᠢᠳᠠᠯ︔ ︽ᠳᠦᠷᠢᠮ︾ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠠᠪᠤᠴᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠷᠬᠢᠨ ᠬᠠᠤᠯᠢ ᠲᠣᠭᠲᠠᠭᠠᠬᠤ ᠭᠤᠣᠯᠯᠠᠬᠤ ᠦᠢᠯᠡᠳᠦᠯ ᠢᠶᠠᠨ ᠪᠠᠳᠠᠷᠠᠭᠤᠯᠵᠤ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠰᠠᠨ︔ ᠵᠠᠰᠠᠭ ᠤᠨ ᠣᠷᠳᠣᠨ ᠵᠢᠴᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ︽ᠳᠦᠷᠢᠮ︾ ᠢ ᠬᠡᠷᠬᠢᠨ ᠲᠤᠭᠤᠰᠢᠯᠠᠭᠤᠯᠤᠨ ᠬᠡᠷᠡᠭᠵᠢᠭᠦᠯᠬᠦ ᠵᠡᠷᠭᠡ ᠠᠭᠤᠯᠭ᠎ᠠ ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃    ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠲᠠᠨᠢᠯᠴᠠᠭᠤᠯᠤᠭᠰᠠᠨ ᠢᠶᠠᠷ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠠᠰᠠᠭᠤᠳᠠᠯ ᠨᠢ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠠᠮ ᠤᠨ ᠲᠥᠪ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠠᠩᠬᠠᠷᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠣᠯᠠᠨ ᠤᠳᠠᠭ᠎ᠠ ᠴᠢᠬᠤᠯᠠᠴᠢᠯᠠᠵᠤ ᠰᠢᠢᠳᠪᠦᠷᠢᠯᠡᠭᠰᠡᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠣᠨ᠎ᠠ᠃    ᠲᠤᠰ ︽ᠳᠦᠷᠢᠮ︾ ᠢ ᠲᠣᠭᠲᠠᠭᠠᠭᠰᠠᠨ ᠨᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠠᠯᠢᠩ ᠥᠷᠢᠲᠦᠬᠦ ᠶᠢ ᠵᠠᠰᠠᠬᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠬᠠᠤᠯᠢ ᠶᠣᠰᠣᠭᠠᠷ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ︽ᠳᠦᠷᠢᠮ︾ ᠪᠣᠯ ᠥᠪᠡᠷᠲᠡᠭᠡᠨ ᠵᠠᠰᠠᠬᠤ ᠣᠷᠣᠨ ᠤ 2025 ᠣᠨ ᠤ ᠭᠤᠣᠯᠳᠠᠯᠭ᠎ᠠ ᠲᠠᠢ ᠬᠠᠤᠯᠢ ᠲᠣᠭᠲᠠᠭᠠᠬᠤ ᠲᠥᠷᠥᠯ ᠵᠦᠢᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠤᠶᠠᠷ ᠤᠳᠠᠭ᠎ᠠ ᠬᠢᠨᠠᠨ ᠵᠥᠪᠯᠡᠵᠦ᠂ 5 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠤᠭᠠᠷ ᠬᠤᠷᠠᠯ ᠠᠴᠠ ᠲᠣᠰ ︽ᠳᠦᠷᠢᠮ︾ ᠢ ᠪᠠᠲᠤᠯᠠᠪᠠ᠃ ︽ᠳᠦᠷᠢᠮ︾ ᠨᠢ ᠪᠦᠭᠦ ᠤᠯᠤᠰ ᠤᠨ ᠠᠩᠬᠠᠳᠠᠭᠴᠢ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠤᠭᠰᠠᠨ ᠤ ᠬᠤᠪᠢ ᠳᠤ᠂ ᠨᠡᠯᠢᠶᠡᠳ ᠴᠢᠩᠭ᠎ᠠ ᠰᠢᠨ᠎ᠡ ᠶᠢ ᠡᠭᠦᠳᠦᠭᠰᠡᠨ ᠪᠦᠲᠦᠭᠡᠯᠴᠢ ᠴᠢᠨᠠᠷ᠂ ᠰᠦᠪᠡᠭᠴᠢᠯᠡᠯᠲᠡ ᠶᠢᠨ ᠴᠢᠨᠠᠷ ᠵᠡᠷᠭᠡ ᠣᠨᠴᠠᠯᠢᠭ ᠲᠠᠢ ᠪᠠᠶᠢᠵᠤ᠂ ᠬᠥᠯᠥᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ︽ᠳᠦᠷᠢᠮ︾ ᠢ ᠶᠡᠷᠦᠩᠬᠡᠢ ᠵᠠᠷᠴᠢᠮ᠂ ᠴᠠᠯᠢᠩ ᠢ ᠥᠭᠬᠦ ᠪᠠ ᠲᠥᠯᠥᠵᠦ ᠳᠠᠭᠤᠰᠬᠠᠬᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠬᠢᠨᠠᠯᠲᠠ ᠲᠠᠯᠪᠢᠵᠤ ᠪᠠᠶᠢᠴᠠᠭᠠᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ 6 ᠪᠦᠯᠦᠭ 54 ᠵᠦᠢᠯ ᠬᠤᠪᠢᠶᠠᠵᠤ᠂ 2025 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ