ᠬᠢᠵᠠᠭᠠᠷᠯᠠᠯ ᠠᠴᠠ ᠳᠡᠭᠡᠭᠰᠢᠬᠢ ᠬᠤᠲᠠ ᠪᠠᠯᠭᠠᠰᠤ ᠶᠢᠨ ᠬᠡᠷᠡᠭᠯᠡᠭᠡᠨ ᠤ ᠭᠤᠣᠯ ᠤᠳᠤᠷᠢᠳᠤᠮᠵᠢ ᠢᠯᠡᠷᠬᠡᠢ
ᠨᠡᠶᠢᠲᠡᠯᠡᠭᠰᠡᠨ ᠴᠠᠭ᠄
2025/6/5
    ᠨᠢᠭᠡᠳᠦᠭᠡᠷ ᠤᠯᠠᠷᠢᠯ ᠳᠤ᠂ ᠬᠢᠵᠠᠭᠠᠷᠯᠠᠯ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ  ᠵᠦᠢᠯ ᠤᠨ ᠵᠢᠵᠢᠭᠯᠡᠨ ᠬᠤᠳᠠᠯᠳᠤᠭᠰᠠᠨ ᠶᠡᠷᠤᠩᠬᠡᠢ ᠲᠤᠭ᠎ᠠ 0.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.5% ᠪᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠶᠡᠷᠦᠩᠬᠡᠶ ᠲᠤᠭ᠎ᠠ ᠶᠢᠨ 4.6% ᠶᠢ ᠡᠵᠡᠯᠡᠪᠡ᠃ ᠪᠣᠷᠣᠯᠠᠭᠤᠯᠬᠤ ᠨᠢᠭᠡᠴᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 44.2% ᠢᠶᠠᠷ ᠨᠡᠮᠡᠭᠳᠡᠵᠦ᠂ ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠷ᠂ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 66% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 35.7% ᠪᠠᠷ ᠨᠡᠮᠡᠭᠳᠡᠪᠡ᠃
ᠢᠷᠡᠯᠲᠡ᠄ ᠬᠠᠭᠤᠴᠢᠨ ᠪᠠᠷᠭᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ